ᠤᠷᠠᠳ ᠤᠨ ᠡᠮᠦᠨᠡᠲᠦ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠤ ᠰᠦᠯᠵᠢᠶᠡᠨ ᠤ ᠨᠡᠷᠡᠲᠦ ᠬᠥᠮᠦᠰ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/23
     5 ᠰᠠᠷ᠎ᠠ ᠶᠢᠨ 22 ᠤᠨ ᠡᠳᠦᠷ᠂ ᠤᠷᠠᠳ ᠤᠨ ᠡᠮᠦᠨᠡᠲᠦ ᠬᠤᠰᠢᠭᠤᠨ ᠤ  ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ  ᠳᠤ ᠰᠦᠯᠵᠢᠶᠡᠨ ᠤ ᠨᠡᠷᠡᠲᠦ ᠬᠥᠮᠦᠰ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠬᠤᠰᠢᠭᠤᠨ ᠤ ᠬᠡᠷᠡᠯ ᠵᠢᠷᠤᠭᠴᠢᠳ ᠤᠨ ᠨᠡᠶᠢᠭᠡᠮᠯᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

微信图片_20250523154719.jpg

   

     ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠣᠰ ᠲᠣᠰ ᠤᠨ ᠵᠠᠭᠤᠴᠢᠯᠠᠭᠤᠷ ᠤᠨ ᠵᠣᠬᠢᠶᠠᠨ ᠪᠦᠲᠦᠭᠡᠬᠦ ᠶᠠᠪᠤᠴᠠ ᠳᠠᠬᠢ ᠣᠯᠤᠯᠲᠠ

ᠪᠠ ᠲᠥᠷᠥᠭᠳᠡᠯ ᠢᠶᠠᠨ ᠬᠤᠪᠢᠶᠠᠯᠴᠠᠭᠰᠠᠨ ᠪᠥᠭᠡᠳ ᠰᠦᠯᠵᠢᠶᠡᠨ ᠤ ᠨᠥᠯᠥᠭᠡᠯᠡᠬᠦ ᠬᠦᠴᠦᠨ ᠤ ᠳᠠᠪᠠᠭᠤᠯᠢᠭ ᠢᠶᠠᠨ ᠬᠡᠷᠬᠢᠨ ᠪᠠᠳᠠᠷᠠᠭᠤᠯᠬᠤ ᠶᠢᠨ

ᠲᠣᠭᠤᠷᠢᠨ ᠳᠤ ᠨᠠᠮ ᠤᠨ ᠰᠢᠨ᠎ᠡ ᠶᠢ ᠡᠭᠦᠳᠬᠦ ᠣᠨᠣᠯ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠢᠴᠢ ᠤᠷᠠᠳ ᠤᠨ ᠡᠮᠦᠨᠡᠲᠦ

ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠢ ᠬᠥᠭᠵᠢᠭᠦᠯᠬᠦ ᠵᠡᠷᠭᠡ ᠲᠠᠯ᠎ᠠ ᠶᠢᠨ ᠬᠢᠯᠠᠰ

ᠴᠡᠭ ᠤᠨ ᠦᠷ᠎ᠡ ᠪᠦᠲᠦᠭᠡᠯ ᠢ ᠨᠠᠩ ᠠᠮᠢᠳᠤᠯᠢᠭ᠂ ᠨᠠᠩ ᠣᠯᠠᠨ ᠨᠡᠶᠢᠲᠡ ᠶᠢᠨ ᠬᠡᠯᠪᠡᠷᠢ ᠪᠠᠷ ᠳᠠᠮᠵᠢᠭᠤᠯᠤᠨ ᠲᠠᠷᠬᠠᠭᠠᠬᠤ ᠳᠤ ᠨᠠᠩ ᠣᠶᠢᠷᠠᠲᠤᠭᠤᠯᠪᠠ᠃

ᠡᠭᠦᠨ ᠤ ᠬᠠᠮᠲᠤ᠂ ᠬᠤᠷᠠᠯ ᠳᠤ ᠣᠷᠣᠯᠴᠠᠭᠰᠠᠨ ᠪᠠᠶᠢᠭᠤᠯᠭ᠎ᠠ ᠨᠢᠭᠡᠴᠡ ᠠᠴᠠ ᠰᠦᠯᠵᠢᠶᠡᠨ ᠤ ᠨᠡᠷᠡᠲᠦ ᠬᠥᠮᠦᠰ ᠲᠤ ᠴᠢᠩ ᠰᠡᠳᠬᠢᠯ ᠤᠨ ᠤᠷᠢᠯᠭ᠎ᠠ

ᠬᠦᠷᠭᠡᠵᠦ᠂ ᠤᠯᠠᠨ ᠢ ᠤᠷᠢᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠵᠠᠭᠤᠨ ᠰᠢᠶᠠᠨ ᠤ ᠪᠡᠶ᠎ᠡ

ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠤᠷᠤᠯᠳᠤᠭᠠᠨ︾ ᠤ ᠲᠤᠬᠠᠶ ᠶᠢᠨ ᠲᠠᠯᠠᠪᠠᠢ ᠳᠤ ᠬᠦᠷᠴᠦ ᠰᠡᠭᠦᠳᠡᠷᠯᠡᠨ ᠤᠬᠠᠭᠤᠯᠭ᠎ᠠ ᠶᠢᠨ

ᠠᠵᠢᠯᠯᠠᠭ᠎ᠠ ᠳᠤ ᠣᠷᠣᠯᠴᠠᠭᠤᠯᠵᠤ᠂ ᠦᠵᠡᠭᠳᠡᠯ ᠢᠶᠠᠷ ᠡᠨᠡᠬᠦ ᠭᠤᠶᠢᠳᠠ ᠰᠠᠶᠢᠬᠠᠨ ᠴᠠᠭ ᠮᠥᠴᠡ ᠶᠢ ᠲᠡᠮᠳᠡᠭᠯᠡᠵᠦ᠂ ᠡᠮᠦᠨᠡᠲᠦ ᠬᠤᠰᠢᠭᠤᠨ ᠤ ᠰᠣᠶᠣᠯ

ᠪᠡᠶ᠎ᠡ ᠶᠢᠨ ᠲᠠᠮᠢᠷ ᠵᠢᠭᠤᠯᠴᠢᠯᠠᠯ ᠤᠨ ᠦᠢᠯᠡᠰ ᠲᠤ ᠬᠤᠪᠢ ᠨᠡᠮᠡᠷᠢ ᠪᠠᠨ ᠦᠵᠡᠭᠦᠯᠰᠦᠭᠡᠢ ᠭᠡᠪᠡ᠃

    ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠩᠭᠤ ᠶᠢᠨ ᠴᠢᠨᠠᠷᠲᠠᠶ ᠨᠡᠪᠲᠡᠷᠡᠯᠴᠡᠬᠦ ᠲᠣᠭᠲᠠᠴᠠ ᠪᠠ ᠨᠠᠷᠢᠯᠢᠭ ᠣᠨᠣᠴᠠᠲᠠᠶ ᠦᠢᠯᠡᠴᠢᠯᠡᠭᠡ ᠪᠠᠷ ᠵᠣᠬᠢᠶᠠᠨ

ᠪᠦᠲᠦᠭᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠬᠦ ᠬᠡᠷᠡᠭᠲᠡᠶ︔ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂

ᠨᠠᠩ ᠣᠯᠠᠨ ᠭᠦᠨᠴᠡ ᠲᠠᠢ ᠪᠦᠲᠦᠭᠡᠯ ᠢ ᠵᠣᠬᠢᠶᠠᠨ ᠪᠦᠲᠦᠭᠡᠵᠦ᠂ ᠨᠠᠩ ᠣᠯᠠᠨ ᠬᠥᠮᠦᠨ ᠳᠤ ᠤᠷᠠᠳ ᠤᠨ ᠡᠮᠦᠨᠡᠲᠦ ᠬᠤᠰᠢᠭᠤ ᠶᠢ ᠣᠶᠢᠯᠠᠭᠠᠭᠤᠯᠵᠤ᠂

ᠤᠷᠠᠳ ᠤᠨ ᠡᠮᠦᠨᠡᠲᠦ ᠬᠤᠰᠢᠭᠤ ᠪᠠᠨ ᠬᠠᠶᠢᠷᠠᠯᠠᠬᠤ  ᠪᠣᠯᠭᠠᠵᠣ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠲᠤ ᠰᠠᠬᠢᠵᠤ᠂ ᠢᠳᠡᠪᠬᠢ

ᠬᠦᠴᠦᠨ ᠢ  ᠳᠠᠮᠵᠢᠭᠤᠯᠵᠤ᠂ ᠥᠪᠡᠷ ᠤᠨ ᠵᠢᠷᠤᠭ ᠳᠦᠷᠰᠦ᠂ ᠦᠰᠦᠭ ᠪᠢᠴᠢᠭ᠂ ᠲᠠᠭᠤᠨ ᠢᠶᠠᠷ ᠳᠠᠮᠵᠢᠭᠤᠯᠤᠨ ᠤᠷᠠᠳ ᠤᠨ ᠡᠮᠦᠨᠡᠲᠦ ᠬᠤᠰᠢᠭᠤᠨ ᠤ

ᠦᠵᠡᠰᠬᠦᠯᠡᠩᠲᠦ ᠰᠠᠶᠢᠬᠠᠨ ᠥᠩᠭᠡ ᠦᠵᠡᠮᠵᠢ᠂ ᠲᠡᠤᠬᠡ ᠶᠢᠨ ᠰᠠᠭᠤᠷᠢ ᠪᠠ ᠥᠷᠨᠢᠭᠦᠨ ᠬᠥᠭᠵᠢᠯᠲᠡ ᠶᠢᠨ ᠵᠢᠷᠤᠭ ᠢ ᠦᠨᠡᠨ ᠪᠣᠳᠠᠲᠠᠶ᠂ ᠪᠤᠰᠤᠳᠴᠢ ᠪᠠᠷ

ᠲᠡᠮᠳᠡᠭᠯᠡᠵᠦ᠂ ᠡᠮᠦᠨᠡᠲᠦ ᠬᠤᠰᠢᠭᠤᠨ ᠤ ᠥᠯᠢᠭᠡᠷ ᠢ ᠬᠠᠮᠲᠤ ᠪᠠᠷ ᠰᠠᠶᠢᠲᠤᠷ ᠶᠠᠷᠢᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ

ᠬᠦᠴᠦᠷᠬᠡᠭ ᠶᠡᠭᠡ ︽ᠰᠦᠯᠵᠢᠶᠡᠨ ᠤ ᠬᠥᠳᠡᠯᠭᠡᠬᠦ ᠬᠦᠴᠦᠨ︾ ᠨᠡᠮᠡᠷᠢᠯᠡᠬᠦ ᠬᠡᠷᠡᠭᠲᠡᠶ ᠬᠡᠪᠡ᠃

   

   

   

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ