ᠣᠶᠢᠷ᠎ᠠ ᠳᠤ᠂ ᠮᠠᠨ ᠤ ᠬᠤᠰᠢᠭᠤᠨ ᠤ ᠪᠠᠶᠠᠨᠬᠤᠸᠠ ᠪᠠᠯᠭᠠᠰᠤ᠂ ᠰᠠᠭᠠᠳᠠᠭ ᠰᠤᠮᠤ᠂ ᠡᠷᠳᠡᠨᠢᠪᠤᠯᠠᠭ ᠰᠤᠮᠤ᠂ ᠪᠠᠭ᠎ᠠ ᠰᠢᠭᠡᠲᠡᠢ ᠪᠠᠯᠭᠠᠰᠤ᠂ ᠮᠢᠩᠭᠠᠨ | ᠪᠠᠯᠭᠠᠰᠤ ᠵᠡᠷᠭᠡ ᠭᠠᠵᠠᠷ ᠲᠤ ᠬᠤᠷᠣᠬᠠᠢ ( ᠬᠠᠪᠤᠷ ᠤᠨ ᠢᠷᠣᠬᠠᠢ︶ ᠶᠢᠨ ᠭᠠᠮᠰᠢᠭ ᠡᠬᠦᠰᠦᠭᠰᠡᠨ ᠠᠴᠠ ᠤᠷᠭᠤᠮᠠᠯ ᠤᠨ ᠪᠦᠷᠬᠦᠴᠡ ᠡᠪᠳᠡᠭᠳᠡᠵᠦ ᠪᠠᠶᠢᠨ᠎ᠠ᠃ | ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠳᠤ ᠤᠴᠠᠷᠠᠭᠤᠯᠬᠤ ᠬᠤᠣᠷ ᠬᠥᠨᠥᠭᠡᠯ ᠢ ᠪᠠᠭᠠᠰᠬᠠᠬᠤ ᠪᠠ ᠬᠢᠵᠠᠭᠠᠷᠯᠠᠬᠤ ᠶᠢᠨ ᠲᠥᠯᠥᠭᠡ ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠣᠶᠢᠷ᠎ᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠬᠡᠪᠴᠢᠶᠡᠨ ᠳᠠᠬᠢ ᠬᠤᠷᠣᠬᠠᠢ ᠶᠢᠨ | ᠭᠠᠮᠰᠢᠭ ᠡᠭᠦᠰᠴᠦ ᠪᠠᠶᠢᠭ᠎ᠠ ᠣᠷᠣᠨ ᠳᠤ ᠡᠮ ᠢᠶᠠᠷ ᠬᠤᠷᠣᠬᠠᠢ ᠶᠢ ᠤᠰᠠᠳᠬᠠᠬᠤ ᠠᠵᠢᠯ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠰᠡᠷᠭᠡᠶᠢᠯᠡᠨ ᠵᠠᠰᠠᠬᠤ ᠴᠠᠭ᠄ 2025 ᠣᠨ ᠤ 5 ᠰᠠᠷ᠎ᠠ ᠶᠢᠨ 20 ᠤ ᠡᠳᠦᠷ ᠠᠴᠠ 6 ᠰᠠᠷ᠎ᠠ ᠶᠢᠨ 10 ᠤ ᠡᠳᠦᠷ ᠪᠣᠯᠲᠠᠯ᠎ᠠ | ᠬᠤᠶᠠᠷ᠂ ᠡᠮ ᠤᠨ ᠨᠡᠷᠡᠶᠢᠳᠤ᠋ ᠯ᠄ ᠠᠮᠢᠳᠤ ᠪᠣᠳᠠᠰ ᠤᠨ ᠨᠠᠶᠢᠷᠠᠯᠭ᠎ᠠ ᠲᠠᠢ ᠡᠮ | ᠭᠤᠷᠪᠠ᠂ ᠡᠮ ᠲᠠᠯᠪᠢᠬᠤ ᠭᠠᠵᠠᠷ᠄ ᠪᠠᠶᠠᠨᠬᠤᠸᠠ ᠪᠠᠯᠭᠠᠰᠤ ᠶᠢᠨ ᠴᠠᠭᠠᠨᠬᠠᠳᠠ ᠭᠠᠴᠠᠭ᠎ᠠ ᠂ ᠰᠠᠭᠠᠳᠠᠭ ᠰᠤᠮᠤ ᠶᠢᠨ ᠰᠠᠭᠠᠳᠠᠭ ᠭᠠᠴᠠᠭ᠎ᠠ᠂ | ᠬᠠᠶᠢᠯᠠᠰᠤᠲᠠᠢ ᠭᠠᠴᠠᠭ᠎ᠠ᠂ ᠪᠠᠬᠢᠳᠢ ᠭᠠᠴᠠᠭ᠎ᠠ᠂ ᠡᠷᠳᠡᠨᠢᠪᠤᠯᠠᠭ ᠰᠤᠮᠤ ᠶᠢᠨ ᠠᠷᠴᠠ ᠭᠠᠴᠠᠭ᠎ᠠ᠂ ᠬᠦᠨᠬᠤᠳᠳᠤᠭ ᠭᠠᠴᠠᠭ᠎ᠠ᠂ ᠪᠠᠶᠠᠨᠬᠤᠸᠠ ᠭᠠᠴᠠᠭ᠎ᠠ ᠂ | ᠪᠠᠭᠠᠰᠢᠭᠡᠲᠡᠢ ᠪᠠᠯᠭᠠᠰᠤ ᠶᠢᠨ ᠳ᠋ᠠ ᠹᠧᠨ ᠽᠢ ᠲᠣᠰᠬᠤᠨ᠂ ᠶᠦᠩ ᠬᠤᠩ ᠲᠣᠰᠬᠤᠨ ᠤ ᠬᠡᠪᠴᠢᠶᠡᠨ ᠳᠠᠬᠢ ᠬᠤᠷᠣᠬᠠᠢ ᠶᠢᠨ ᠭᠠᠮᠰᠢᠭ ᠡᠬᠦᠰᠦᠭᠰᠡᠨ | ᠭᠠᠵᠠᠷ ᠲᠤ᠃ | ᠳᠥᠷᠪᠡ᠂ ᠥᠷᠭᠡᠨ ᠣᠯᠠᠨ ᠮᠠᠯᠴᠢᠨ ᠲᠠᠷᠢᠶᠠᠴᠢᠨ ᠵᠢᠴᠢ ᠮᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠰᠡᠷᠭᠡᠶᠢᠯᠡᠨ ᠵᠠᠰᠠᠬᠤ | ᠬᠤᠭᠤᠴᠠᠭᠠᠨ ᠳᠤ ᠳᠣᠣᠷᠠᠬᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠄ | 1᠂ ᠡᠮ ᠲᠠᠯᠪᠢᠭᠰᠠᠨ 30 ᠡᠳᠦᠷ ᠤᠨ ᠳᠣᠲᠣᠷ᠎ᠠ᠂ ᠡᠮ ᠲᠠᠯᠪᠢᠭᠰᠠᠨ ᠣᠷᠣᠨ ᠳᠤ ᠮᠠᠯ ᠬᠠᠷᠢᠭᠤᠯᠬᠤ ᠪᠠ ᠬᠥᠮᠥᠰ ᠤᠨ ᠠᠵᠢᠯᠯᠠᠭ᠎ᠠ ᠶᠢ ᠪᠠᠭᠠᠰᠬᠠᠵᠤ ᠂ | ᠬᠥᠮᠥᠨ ᠮᠠᠯ ᠳᠤ ᠬᠤᠣᠷᠳᠠᠭᠳᠠᠬᠤ ᠬᠡᠷᠡᠭ ᠭᠠᠷᠬᠤ ᠠᠴᠠ ᠰᠡᠷᠭᠡᠶᠢᠯᠡᠬᠦ ᠬᠡᠷᠡᠭᠲᠡᠢ᠃ | 2᠂ ᠬᠤᠯᠪᠣᠭᠳᠠᠯ ᠪᠦᠬᠦᠢ ᠰᠤᠮᠤ ᠪᠠᠯᠭᠠᠰᠤ᠂ ᠭᠠᠴᠠᠭ᠎ᠠ ᠲᠣᠰᠬᠤᠨ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠢ ᠤᠬᠠᠭᠤᠯᠤᠨ ᠳᠠᠶᠢᠴᠢᠯᠠᠵᠤ | ᠬᠤᠷᠣᠬᠠᠢ ᠶᠢ ᠠᠷᠢᠯᠭᠠᠬᠤ ᠳᠤ ᠢᠳᠡᠪᠬᠢᠲᠡᠢ ᠬᠠᠮᠵᠢᠯᠴᠠᠬᠤ ᠶᠢᠨ ᠬᠠᠮᠲᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠯᠡᠰᠦᠨ ᠰᠣᠩᠭᠢᠨ᠎ᠠ | ᠭᠠᠰᠢᠭᠤᠨ ᠨᠣᠭᠤᠭ᠎ᠠ ᠵᠡᠷᠭᠡ ᠬᠡᠭᠡᠷ᠎ᠡ ᠶᠢᠨ ᠨᠣᠭᠤᠭ᠎ᠠ ᠢᠳᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ | | ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ 2025 | ᠣᠨ ᠤ 5 ᠰᠠᠷ᠎ᠠ ᠶᠢᠨ 19 ᠤ ᠡᠳᠦᠷ | |