ᠰᠢ ᠶᠢᠨ ᠫᠢᠩ ᠸᠢᠶᠧᠲᠨᠠᠮ ᠤᠨ ᠤᠤᠯ ᠤᠨ ᠤᠯᠤᠰ ᠤᠨ ᠲᠡᠷᠢᠭᠦᠯᠡᠭᠴᠢ ᠴᠧᠨ ᠳ᠋ᠧ ᠯᠢᠶᠠᠩ ᠤᠨ ᠨᠠᠰᠤ ᠪᠠᠷᠠᠭᠰᠠᠨ ᠳᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠪᠣᠯᠣᠨ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠳᠤ ᠭᠠᠰᠢᠭᠤᠳᠠᠯ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/5/26
     5 ᠰᠠᠷ᠎ᠠ ᠶᠢᠨ 24 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠲᠨᠠᠮ ᠤᠨ ᠤᠤᠯ ᠤᠨ ᠤᠯᠤᠰ ᠤᠨ ᠲᠡᠷᠢᠭᠦᠯᠡᠭᠴᠢ ᠴᠧᠨ ᠳ᠋ᠧ ᠯᠢᠶᠠᠩ ᠤᠨ ᠨᠠᠰᠤ ᠪᠠᠷᠠᠭᠰᠠᠨ ᠳᠤ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ ᠸᠢᠶᠧᠲᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠳᠤ ᠭᠠᠰᠢᠭᠤᠳᠠᠯ ᠤᠨ ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠴᠧᠨ ᠳ᠋ᠧ ᠯᠢᠶᠠᠩ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃    ᠰᠢ ᠶᠢᠨ ᠫᠢᠩ᠂ ᠴᠧᠨ ᠳ᠋ᠧ ᠯᠢᠶᠠᠩ ᠨᠥᠬᠦᠷ ᠪᠣᠯ ᠸᠢᠶᠧᠲᠨᠠᠮ ᠤᠨ ᠨᠠᠮ ᠪᠣᠯᠣᠨ ᠤᠯᠤᠰ ᠤᠨ ᠭᠠᠷᠮᠠᠭᠠᠢ ᠤᠳᠤᠷᠢᠳᠬᠤ ᠬᠥᠮᠥᠨ ᠮᠥᠨ᠂ ᠸᠢᠶᠧᠲᠨᠠᠮ ᠤᠨ ᠤᠯᠤᠰ ᠤᠨ ᠬᠥᠭᠵᠢᠯᠲᠡ ᠪᠣᠯᠣᠨ ᠰᠢᠨᠡᠴᠢᠯᠡᠯᠲᠡ ᠨᠡᠭᠡᠭᠡᠯᠲᠡ ᠶᠢᠨ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠤᠨ ᠠᠷᠠᠳ ᠲᠦᠮᠡᠨ ᠤ ᠬᠠᠭᠤᠴᠢᠨ ᠨᠠᠶᠢᠵᠠ ᠪᠣᠯᠤᠭᠰᠠᠨ ᠤ ᠬᠤᠪᠢ ᠳᠤ᠂ ᠴᠧᠨ ᠳ᠋ᠧ ᠯᠢᠶᠠᠩ ᠨᠥᠬᠦᠷ ᠳᠤᠮᠳᠠᠳᠤ ᠸᠢᠶᠧᠲᠨᠠᠮ ᠤᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠳᠤ ᠴᠥᠬᠦᠷᠡᠰᠢ ᠦᠭᠡᠢ ᠴᠢᠷᠮᠠᠶᠢᠯᠭ᠎ᠠ ᠭᠠᠷᠭᠠᠪᠠ᠃ ᠰᠦ᠋ ᠯᠢᠨ ᠨᠥᠬᠦᠷ ᠢᠶᠠᠷ ᠲᠦᠷᠦᠭᠦᠯᠡᠭᠦᠯᠦᠭᠰᠡᠨ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠸᠢᠶᠧᠲᠨᠠᠮ ᠤᠨ ᠨᠠᠮ᠂ ᠵᠠᠰᠠᠭ ᠤᠨ ᠣᠷᠳᠣᠨ ᠪᠣᠯᠣᠨ ᠠᠷᠠᠳ ᠲᠦᠮᠡᠨ ᠯᠠᠪᠲᠠᠢ ᠡᠮᠭᠡᠨᠢᠯ ᠭᠠᠰᠢᠭᠤᠳᠠᠯ ᠢᠶᠠᠨ ᠬᠦᠴᠦᠨ ᠴᠢᠳᠠᠯ ᠪᠣᠯᠭᠠᠨ ᠬᠤᠪᠢᠷᠠᠭᠤᠯᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠪᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ( ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 24 ᠤ ᠴᠠᠭᠢᠯᠭᠠᠨ ᠮᠡᠳᠡᠭᠡ )
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ