| 2025 ᠣᠨ ᠤ 5 ᠰᠠᠷ᠎ᠠ ᠶᠢᠨ 22 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠨᠢᠺᠤᠱᠤᠯ ᠳ᠋ᠠ᠊ᠡᠸ᠋ᠨ ᠳᠤ ᠴᠠᠭᠢᠯᠭᠠᠨ ᠴᠢᠮᠡᠭᠡ | ᠶᠠᠪᠤᠭᠤᠯᠵᠤ᠂ ᠲᠡᠭᠦᠨ ᠤ ᠷᠣᠮᠠᠨᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠷᠣᠮᠠᠨᠢᠶ᠎ᠠ ᠪᠣᠯ ᠰᠢᠨ᠎ᠡ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠳᠡᠯᠡᠬᠡᠢ ᠳᠡᠭᠡᠷᠡᠬᠢ ᠭᠤᠷᠪᠠᠳᠠᠭᠢ | ᠤᠯᠤᠰ ᠪᠣᠯᠣᠨ᠎ᠠ᠃ ᠤᠷᠳᠤ ᠬᠤᠭᠤᠴᠠᠭᠠᠨ ᠤ ᠲᠤᠷᠰᠢ᠂ ᠳᠤᠮᠳᠠᠳᠤ ᠷᠣᠮᠠᠨᠢᠶ᠎ᠠ ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ᠂ ᠡᠷᠬᠡ ᠲᠡᠭᠰᠢ | ᠬᠠᠨᠳᠤᠵᠤ᠂ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠦᠷᠭᠦᠯᠵᠢᠯᠡᠨ ᠠᠬᠢᠵᠤ᠂ ᠤᠯᠠᠮᠵᠢᠯᠠᠯᠲᠤ ᠨᠥᠬᠦᠷᠯᠡᠯ ᠶᠠᠪᠤᠬᠤ ᠲᠤᠳᠤᠮ | ᠪᠠᠲᠤᠵᠢᠪᠠ᠃ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠤᠮᠳᠠᠳᠤ | ᠷᠣᠮᠠᠨᠢᠶ᠎ᠠ ᠬᠤᠶᠠᠷ ᠤᠯᠤᠰ ᠰᠠᠶᠢᠨ ᠨᠠᠶᠢᠵᠠ᠂ ᠰᠠᠶᠢᠨ ᠬᠠᠨᠢᠲᠠᠨ ᠪᠣᠯᠤᠭᠰᠠᠨ ᠤ ᠬᠤᠪᠢ ᠳᠤ᠂ ᠣᠯᠣᠯᠴᠠᠭ᠎ᠠ ᠪᠠᠨ ᠨᠡᠩ ᠴᠢᠩᠭᠠᠳᠬᠠᠵᠤ᠂ ᠬᠠᠮᠲᠤ ᠶᠢᠨ | ᠲᠠᠨᠢᠯᠲᠠ ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠴᠠᠭ ᠦᠶ᠎ᠡ ᠶᠢᠨ ᠠᠵᠠ ᠲᠣᠭᠢᠶᠠᠯ ᠢ ᠬᠠᠮᠲᠤ ᠪᠠᠷ ᠡᠵᠡᠮᠳᠡᠵᠦ᠂ ᠠᠶᠤᠯ | ᠲᠦᠭᠰᠢᠭᠦᠷᠢ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠶ᠎ᠠ᠃ ᠪᠢ ᠳᠤᠮᠳᠠᠳᠤ ᠷᠣᠮᠠᠨᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠪᠠᠷ ᠰᠣᠩᠭᠤᠭᠳᠠᠭᠰᠠᠨᠳᠠ᠊ᠡᠸ᠋ᠨ ᠲᠠᠢ ᠬᠠᠮᠲᠤ ᠪᠠᠷ ᠴᠢᠷᠮᠠᠶᠢᠵᠤ ᠬᠤᠶᠠᠷ ᠤᠯᠤᠰ ᠤᠨ | ᠨᠥᠭᠦᠷᠰᠡᠭ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ | ᠭᠡᠵᠦ ᠵᠢᠭᠠᠵᠤ ᠭᠠᠷᠭᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 23 ᠤ ᠴᠠᠭᠢᠯᠭᠠᠨ ᠮᠡᠳᠡᠭᠡ︶ | |