ᠰᠢ ᠶᠢᠨ ᠫᠢᠩ ᠭᠧᠷᠮᠠᠨ ᠤ ᠶᠡᠷᠦᠩᠬᠡᠢ ᠰᠠᠶᠢᠳ ᠮᠦᠸᠧᠽᠢ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2025/5/26
   5 ᠰᠠᠷ᠎ᠠ ᠶᠢᠨ 23 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠶᠣᠰᠣᠭᠠᠷ ᠭᠧᠷᠮᠠᠨ ᠤ ᠶᠡᠷᠦᠩᠬᠡᠢ ᠰᠠᠶᠢᠳ ᠮᠦᠸᠧᠽᠢ ᠲᠠᠢ ᠤᠲᠠᠰᠤ ᠪᠠᠷ ᠶᠠᠷᠢᠯᠴᠠᠪᠠ᠃    ᠰᠢ ᠶᠢᠨ ᠫᠢᠩ ᠮᠦᠸᠧᠽᠢ ᠶᠢᠨ ᠭᠧᠷᠮᠠᠨ ᠤ ᠶᠡᠷᠦᠩᠬᠡᠢ ᠰᠠᠶᠢᠳ ᠤᠨ ᠲᠤᠰᠢᠶᠠᠯ ᠳᠤ ᠭᠠᠷᠤᠭᠰᠠᠨ ᠳᠤ ᠳᠠᠬᠢᠨᠲᠠ ᠪᠠᠶᠠᠷ ᠬᠦᠷᠭᠡᠪᠡ᠃ ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠡᠯᠡᠬᠡᠢ ᠶᠢᠨ ᠪᠠᠶᠢᠳᠠᠯ ᠳᠤ ᠬᠤᠪᠢᠷᠠᠯᠲᠠ ᠪᠠ ᠤᠷᠪᠠᠭᠠᠨ ᠬᠥᠷᠪᠡᠭᠡᠨ ᠰᠤᠯᠪᠢᠴᠠᠨ ᠣᠷᠣᠰᠢᠵᠤ᠂ ᠳᠤᠮᠳᠠᠳᠤ ᠭᠧᠷᠮᠠᠨ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠴᠢᠨᠠᠷ᠂ ᠪᠦᠭᠦ ᠲᠠᠯ᠎ᠠ ᠶᠢᠨ ᠠᠴᠢ ᠬᠤᠯᠪᠣᠭᠳᠠᠯ ᠨᠡᠩ ᠲᠣᠪᠣᠶᠢᠮ᠎ᠠ ᠪᠣᠯᠪᠠ᠃ ᠡᠷᠡᠭᠦᠯ ᠪᠥᠭᠡᠳ ᠲᠣᠭᠲᠠᠭᠤᠨ ᠳᠤᠮᠳᠠᠳᠤ ᠭᠧᠷᠮᠠᠨ ᠤ ᠬᠠᠷᠢᠯᠴᠠᠭ᠎ᠠ ᠬᠤᠶᠠᠷ ᠤᠯᠤᠰ ᠤᠨ ᠠᠰᠢᠭ ᠲᠤᠰᠠ ᠳᠤ ᠨᠡᠶᠢᠴᠡᠬᠦ ᠪᠥᠭᠡᠳ ᠳᠤᠮᠳᠠᠳᠤ ᠡᠸᠦ᠋ᠷᠦᠫᠡ ᠶᠢᠨ ᠡᠯ᠎ᠡ ᠡᠲᠡᠭᠡᠳ ᠤᠨ ᠬᠦᠰᠡᠯ ᠡᠷᠡᠮᠡᠯᠵᠡᠯ ᠳᠤ ᠨᠡᠶᠢᠴᠡᠬᠦ ᠶᠤᠮ᠃ ᠳᠤᠮᠳᠠᠳᠤ ᠤᠯᠤᠰ ᠳᠤᠷᠠᠲᠠᠶ᠎ᠠ ᠭᠧᠷᠮᠠᠨ ᠯᠤᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠵᠦ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠰᠢᠨ᠎ᠡ ᠬᠥᠭᠵᠢᠯᠲᠡ ᠲᠠᠢ ᠪᠤᠯᠬᠤ ᠶᠢ ᠬᠥᠲᠥᠯᠥᠨ ᠳᠠᠭᠠᠭᠤᠯᠵᠤ᠂ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ ᠨᠡᠮᠡᠭᠳᠡᠯ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠭᠧᠷᠮᠠᠨ ᠬᠤᠶᠠᠷ ᠤᠯᠤᠰ ᠢᠮᠠᠭᠲᠠ ᠬᠠᠷᠢᠯᠴᠠᠨ ᠬᠦᠨᠳᠦᠳᠬᠡᠬᠦ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠪᠠᠨ ᠦᠯᠡᠳᠡᠭᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠪᠠᠷᠢᠮᠲᠠᠯᠠᠭᠰᠠᠭᠠᠷ ᠢᠷᠡᠵᠠᠢ᠂ ᠡᠨᠡ ᠬᠦ ᠰᠠᠶᠢᠨ ᠰᠠᠶᠢᠬᠠᠨ ᠤᠯᠠᠮᠵᠢᠯᠠᠯ ᠢ ᠬᠤᠶᠠᠷ ᠲᠠᠯ᠎ᠠ ᠪᠠᠷ ᠢᠶᠠᠨ ᠨᠠᠷᠢᠨ ᠬᠢᠨᠠᠮᠠᠭᠠᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠴᠢᠬᠤᠯᠠᠲᠠᠢ ᠶᠤᠮ᠃ ᠨᠢᠭᠡ ᠳᠤ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠲᠤᠳᠬᠠᠶ᠎ᠠ᠃ ᠳᠤᠮᠳᠠᠳᠤ ᠤᠯᠤᠰ ᠭᠧᠷᠮᠠᠨ ᠢ ᠬᠠᠨᠢᠲᠠᠨ ᠢᠶᠠᠷ ᠦᠵᠡᠵᠦ᠂ ᠭᠧᠷᠮᠠᠨ ᠤ ᠬᠥᠭᠵᠢᠯ ᠴᠡᠴᠡᠭᠯᠡᠯ ᠢ ᠲᠠᠮᠵᠢᠵᠤ᠂ ᠳᠤᠷᠠᠲᠠᠶ᠎ᠠ ᠭᠧᠷᠮᠠᠨ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠭᠦᠨᠳᠦᠳᠭᠡᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠦᠨ᠎ᠡ᠃ ᠬᠤᠶᠠᠷ ᠲᠤ᠂ ᠬᠠᠷᠢᠯᠴᠠᠭᠠᠨ ᠤ ᠤᠶᠠᠨ ᠬᠠᠳᠠᠨ ᠴᠢᠨᠠᠷ ᠢ ᠴᠢᠩᠭᠠᠳᠬᠠᠶ᠎ᠠ᠃ ᠬᠤᠶᠠᠷ ᠲᠠᠯ᠎ᠠ ᠪᠠᠷ ᠢᠶᠠᠨ ᠮᠠᠰᠢᠨ ᠲᠡᠷᠭᠡ᠂ ᠮᠠᠰᠢᠨ ᠮᠧᠬᠠᠨᠢᠭ ᠦᠢᠯᠡᠳᠬᠦ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠶᠢᠨ ᠨᠥᠭᠡᠴᠡ ᠪᠠᠨ ᠦᠷᠭᠦᠯᠵᠢᠯᠡᠨ ᠪᠤᠵᠠᠭᠠᠶᠢᠷᠠᠭᠤᠯᠬᠤ ᠪᠠᠷ ᠪᠠᠷᠠᠬᠤ ᠦᠭᠡᠢ᠂ ᠵᠣᠬᠢᠶᠠᠮᠠᠯ ᠤᠶᠤᠨ ᠴᠢᠳᠠᠪᠤᠷᠢ᠂ ᠺᠸᠠᠨ᠋ᠲ ᠤᠨ ᠮᠡᠷᠭᠡᠵᠢᠯ ᠵᠡᠷᠭᠡ ᠬᠤᠰᠢᠭᠤᠷᠠᠯ ᠬᠦᠷᠢᠶᠡᠨ ᠳᠠᠬᠢ ᠬᠠᠮᠲᠤᠷᠠᠯᠴᠠᠭ᠎ᠠ ᠪᠠᠨ ᠨᠡᠮᠡᠭᠳᠡᠭᠦᠯᠵᠦ᠂ ᠠᠭᠤᠷ ᠠᠮᠢᠰᠬᠤᠯ ᠤᠨ ᠬᠤᠪᠢᠷᠠᠯᠲᠠ᠂ ᠪᠣᠬᠢᠷᠳᠤᠯ ᠦᠭᠡᠢ ᠬᠥᠭᠵᠢᠯᠲᠡ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠦᠷᠭᠦᠯᠵᠢᠯᠡᠬᠦ ᠬᠥᠭᠵᠢᠯᠲᠡ ᠳᠤ ᠳᠤᠮᠳᠠᠳᠤ ᠭᠧᠷᠮᠠᠨ ᠤ ᠤᠶᠤᠨ ᠤᠬᠠᠭᠠᠨ ᠪᠣᠯᠣᠨ ᠲᠥᠰᠥᠯ ᠢ ᠨᠡᠮᠡᠷᠢᠯᠡᠶ᠎ᠡ᠃ ᠭᠤᠷᠪᠠ ᠳᠤ᠂ ᠬᠠᠮᠲᠤᠷᠠᠯᠴᠠᠭᠠᠨ ᠤ ᠬᠥᠳᠡᠯᠭᠡᠬᠦ ᠡᠨᠧᠷᠭᠢ ᠶᠢ ᠨᠡᠮᠡᠭᠳᠡᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠭᠧᠷᠮᠠᠨ ᠤ ᠬᠢᠨ ᠲᠠᠢ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠠᠪᠴᠢᠷᠠᠭᠰᠠᠨ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠨ᠎ᠠ᠂ ᠭᠧᠷᠮᠠᠨ ᠤ ᠬᠢᠨ ᠤ ᠬᠤᠶᠠᠷ ᠤᠯᠤᠰ ᠤᠨ ᠬᠤᠣᠰ ᠴᠢᠭᠯᠡᠯ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠳᠤ ᠨᠡᠩ ᠤᠯᠠᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠲᠦᠭᠦᠮ ᠦᠵᠡᠭᠦᠯᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ᠂ ᠢᠯᠡ ᠲᠣᠳᠣ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠰᠢ ᠶᠢᠨ ᠫᠢᠩ᠂ ᠳᠤᠮᠳᠠᠳᠤ ᠭᠧᠷᠮᠠᠨ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠵᠥᠪ ᠪᠠᠶᠢᠷᠢ ᠲᠣᠭᠲᠠᠭᠠᠯᠲᠠ ᠪᠣᠯ ᠬᠠᠨᠢᠲᠠᠨ ᠪᠣᠯᠣᠨ᠎ᠠ᠂ ᠲᠣᠭᠲᠠᠭᠤᠨ ᠪᠥᠭᠡᠳ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠠᠮᠢ ᠠᠬᠤᠢ ᠪᠣᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠴᠢᠬᠤᠯᠠ ᠪᠠᠲᠤᠯᠠᠭ᠎ᠠ ᠮᠥᠨ᠂ ᠲᠣᠮᠣ ᠤᠯᠤᠰ ᠤᠨ ᠡᠭᠦᠷᠭᠡᠯᠡᠯ ᠪᠣᠯ ᠬᠤᠶᠠᠷ ᠲᠠᠯ᠎ᠠ ᠶᠢᠨ ᠬᠠᠮᠲᠤ ᠶᠢᠨ ᠡᠭᠦᠷᠭᠡ ᠮᠥᠨ ᠭᠡᠳᠡᠭ ᠢ ᠪᠣᠳᠠᠲᠤ ᠶᠠᠪᠤᠳᠠᠯ ᠭᠦᠢᠴᠡᠳ ᠭᠡᠷᠡᠴᠢᠯᠡᠪᠡ᠃ ᠡᠨᠡ ᠵᠢᠯ ᠪᠣᠯ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠣᠨ᠎ᠠ᠂ ᠬᠤᠶᠠᠷ ᠲᠠᠯ᠎ᠠ ᠪᠠᠷ ᠢᠶᠠᠨ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠬᠥᠭᠵᠢᠯᠲᠡ ᠶᠢᠨ ᠠᠮᠵᠢᠯᠲᠠ ᠲᠠᠢ ᠲᠤᠷᠰᠢᠯᠭ᠎ᠠ ᠶᠢ ᠬᠠᠮᠲᠤ ᠪᠠᠷ ᠳ᠋ᠦᠩᠨᠡᠵᠦ᠂ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶ᠎ᠠ ᠶᠢ ᠬᠠᠮᠠᠭᠠᠯᠠᠬᠤ᠂ ᠨᠡᠭᠡᠭᠡᠯᠲᠡ ᠬᠢᠵᠦ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠢᠳᠡᠪᠬᠢᠲᠡᠢ ᠳᠣᠬᠢᠶ᠎ᠠ ᠶᠢ ᠳᠠᠮᠵᠢᠭᠤᠯᠤᠶ᠎ᠠ ᠭᠡᠵᠦ ᠵᠢᠭᠠᠵᠤ ᠭᠠᠷᠭᠠᠪᠠ᠃     ᠮᠦᠸᠧᠽᠢ᠂ ᠳᠤᠮᠳᠠᠳᠤ ᠤᠯᠤᠰ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠤᠯᠤᠰ ᠤᠨ ᠨᠢᠭᠡ ᠪᠣᠯᠣᠨ᠎ᠠ᠃ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠰᠠᠶᠢᠨ᠂ ᠬᠠᠮᠲᠤᠷᠠᠯᠴᠠᠭ᠎ᠠ ᠭᠦᠨᠵᠡᠭᠡᠢ᠂ ᠦᠷ᠎ᠡ ᠪᠦᠲᠦᠭᠡᠯ ᠡᠯᠪᠡᠭ ᠶᠤᠮ᠃ ᠣᠳᠣᠬᠠᠨ ᠤ ᠳᠡᠯᠡᠬᠡᠢ ᠶᠢᠨ ᠪᠠᠶᠢᠳᠠᠯ ᠳᠣᠣᠷ᠎ᠠ᠂ ᠳᠡᠯᠡᠬᠡᠢ ᠶᠢᠨ ᠬᠤᠶᠠᠷ ᠲᠣᠮᠣ ᠭᠤᠣᠯ ᠪᠤᠯᠬᠤ ᠠᠵᠤ ᠠᠬᠤᠢ ᠶᠢᠨ ᠴᠣᠭᠴᠠ ᠪᠣᠯᠤᠭᠰᠠᠨ ᠤ ᠬᠤᠪᠢ ᠳᠤ᠂ ᠭᠧᠷᠮᠠᠨ ᠳᠤᠮᠳᠠᠳᠤ ᠶᠢᠨ ᠬᠠᠮᠲᠤᠷᠠᠯᠴᠠᠭ᠎ᠠ ᠨᠢ ᠨᠡᠩ ᠴᠤ ᠴᠢᠬᠤᠯᠠ ᠠᠴᠢ ᠬᠤᠯᠪᠣᠭᠳᠠᠯ ᠲᠠᠢ ᠶᠤᠮ᠃ ᠭᠧᠷᠮᠠᠨ ᠤ ᠰᠢᠨ᠎ᠡ ᠵᠠᠰᠠᠭ ᠤᠨ ᠣᠷᠳᠣᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠳᠤᠷᠠᠲᠠᠶ᠎ᠠ ᠪᠦᠲᠦᠭᠡᠯᠴᠢ ᠴᠢᠨᠠᠷ ᠪᠠ ᠪᠣᠳᠠᠲᠠᠢ ᠶᠢ ᠡᠷᠬᠢᠮᠯᠡᠭᠰᠡᠨ ᠵᠣᠷᠢᠭ ᠰᠠᠨᠠᠭ᠎ᠠ ᠪᠠᠷ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠭᠧᠷᠮᠠᠨ ᠤ ᠬᠢᠨ ᠳᠤᠮᠳᠠᠳᠤ ᠤᠯᠤᠰ ᠯᠤᠭ᠎ᠠ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠨᠡᠭᠡᠭᠡᠯᠲᠡᠲᠡᠢ ᠬᠠᠷᠢᠯᠴᠠᠨ ᠠᠰᠢᠭᠲᠠᠢ ᠪᠠᠶᠢᠬᠤ ᠶᠢ ᠪᠠᠷᠢᠮᠲᠠᠯᠠᠵᠤ᠂ ᠡᠷᠬᠡ ᠲᠡᠭᠰᠢ ᠠᠷᠠᠯᠵᠢᠶ᠎ᠠ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠶᠢ ᠬᠦᠰᠡᠵᠦ ᠪᠠᠶᠢᠨ᠎ᠠ᠃ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠨᠢ ᠬᠤᠶᠠᠷ ᠲᠠᠯ᠎ᠠ ᠶᠢᠨ ᠠᠰᠢᠭ ᠲᠤᠰᠠ ᠳᠤ ᠨᠡᠶᠢᠴᠡᠨ᠎ᠡ᠂ ᠭᠧᠷᠮᠠᠨ ᠤ ᠬᠢᠨ ᠳᠤᠷᠠᠲᠠᠶ᠎ᠠ ᠡᠭᠦᠨ ᠤ ᠲᠥᠯᠥᠭᠡ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃    ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠪᠠ᠃︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 23 ᠤ ᠴᠠᠭᠢᠯᠭᠠᠨ ᠮᠡᠳᠡᠭᠡ︶ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ