ᠰᠤᠷᠪᠤᠯᠵᠢᠯᠠᠬᠴᠢ 21 ᠤ ᠡᠳᠦᠷ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠤᠨ | ᠲᠤᠰᠬᠠᠢ ᠮᠡᠷᠭᠡᠵᠢᠯᠲᠡᠨ ᠤ ᠲᠦᠷᠦᠭᠦᠯᠡᠨ ᠲᠣᠭᠲᠠᠭᠠᠭᠰᠠᠨ ᠠᠩᠬᠠᠳᠠᠭᠴᠢ ᠤᠷᠢᠳᠴᠢᠯᠠᠨ ᠲᠥᠰᠥᠭᠡᠯᠡᠬᠦ ᠴᠢᠨᠠᠷᠲᠠᠢ ᠬᠠᠮᠠᠭᠠᠯᠠᠯᠲᠠ ᠶᠢᠨ ᠣᠯᠠᠨ ᠤᠯᠤᠰ ᠤᠨ | ᠪᠠᠷᠢᠮᠵᠢᠶ᠎ᠠ ᠶᠢ ᠲᠦᠷᠦᠭᠦᠬᠡᠨ ᠣᠯᠠᠨ ᠤᠯᠤᠰ ᠤᠨ ᠴᠠᠭᠢᠯᠭᠠᠨ ᠤ ᠠᠵᠢᠯ ᠤᠨ ᠵᠥᠪᠯᠡᠯ ᠤᠨ ᠠᠵᠤ ᠦᠢᠯᠡᠳᠪᠦᠷᠢ ᠶᠢᠨ ᠬᠡᠮᠵᠢᠨ ᠡᠵᠡᠮᠳᠡᠬᠦ ᠪᠠ | ᠠᠦ᠋ᠲ᠋ᠣᠴᠢᠯᠠᠯᠲᠠ ᠶᠢᠨ ᠮᠡᠷᠭᠡᠵᠢᠯ ᠤᠨ ᠵᠥᠪᠯᠡᠯ ᠠᠴᠠ ᠵᠢᠩᠬᠢᠨᠢ ᠪᠠᠷ ᠨᠡᠶᠢᠲᠡᠯᠡᠪᠡ᠃ ᠡᠨᠡ ᠨᠢ ᠮᠠᠨ ᠤ ᠤᠯᠤᠰ ᠤᠨ ᠣᠶᠤᠨᠴᠢ ᠦᠢᠯᠡᠳᠬᠦ ᠦᠢᠯᠡᠰ ᠤᠨ | ᠬᠦᠷᠢᠶᠡᠨ ᠳᠠᠬᠢ ᠤᠷᠢᠳᠴᠢᠯᠠᠨ ᠲᠥᠰᠥᠭᠡᠯᠡᠬᠦ ᠴᠢᠨᠠᠷᠲᠠᠢ ᠬᠠᠮᠠᠭᠠᠯᠠᠯᠲᠠ ᠶᠢᠨ ᠨᠡᠶᠢᠲᠡᠯᠢᠭ ᠦᠵᠡᠭᠳᠡᠯ ᠪᠠᠶᠢᠳᠠᠯ ᠳᠣᠣᠷᠠᠬᠢ ᠮᠡᠷᠭᠡᠵᠢᠯ ᠤᠨ ᠬᠢᠷᠢ ᠲᠦᠪᠰᠢᠨ | ᠪᠠ ᠬᠡᠷᠡᠭᠯᠡᠭᠡᠨ ᠤ ᠦᠷ᠎ᠡ ᠪᠦᠲᠦᠮᠵᠢ ᠣᠯᠠᠨ ᠤᠯᠤᠰ ᠤᠨ ᠬᠠᠮᠲᠤ ᠶᠢᠨ ᠲᠠᠨᠢᠯᠲᠠ ᠲᠠᠢ ᠪᠣᠯᠤᠭᠰᠠᠨ ᠢ ᠬᠠᠷᠠᠭᠤᠯᠵᠤ᠂ ᠮᠠᠨ ᠤ ᠤᠯᠤᠰ ᠤᠨ ᠣᠶᠤᠨᠴᠢ | ᠦᠢᠯᠡᠳᠬᠦ ᠦᠢᠯᠡᠰ ᠤᠨ ᠬᠦᠷᠢᠶᠡᠨ ᠳᠠᠬᠢ ᠮᠡᠷᠭᠡᠵᠢᠯ ᠤᠨ ᠪᠠᠷᠢᠮᠵᠢᠶ᠎ᠠ ᠶᠢᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | ᠲᠣᠰ ᠤᠳᠠᠭ᠎ᠠ ᠶᠢᠨ ᠨᠡᠶᠢᠲᠡᠯᠡᠭᠰᠡᠨ︽ᠠᠵᠤ ᠦᠢᠯᠡᠳᠪᠦᠷᠢ ᠶᠢᠨ ᠠᠦ᠋ᠲ᠋ᠣᠴᠢᠯᠠᠭᠰᠠᠨ ᠲᠥᠬᠦᠭᠡᠷᠦᠮᠵᠢ ᠪᠠ ᠰᠢᠰᠲ᠋ᠧᠮ ᠤᠨ ᠤᠷᠢᠳᠴᠢᠯᠠᠨ | ᠲᠥᠰᠥᠭᠡᠯᠡᠬᠦ ᠴᠢᠨᠠᠷᠲᠠᠢ ᠬᠠᠮᠠᠭᠠᠯᠠᠯᠲᠠ ᠨᠢᠭᠡᠳᠦᠭᠡᠷ ᠬᠡᠰᠡᠭ᠄ ᠨᠡᠶᠢᠳᠡᠮ ᠬᠡᠷᠡᠭᠯᠡᠬᠦ ᠱᠠᠭᠠᠷᠳᠠᠯᠭ᠎ᠠ︾ ᠪᠣᠯ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠶᠠᠮᠤᠨ ᠤ ᠨᠢᠭᠡᠳᠦᠯᠲᠡᠢ ᠳᠡᠮᠵᠢᠯᠭᠡ ᠳᠣᠣᠷ᠎ᠠ᠂ ᠪᠦᠭᠦ ᠤᠯᠤᠰ ᠤᠨ ᠠᠵᠤ ᠦᠢᠯᠡᠳᠪᠦᠷᠢ ᠶᠢᠨ ᠶᠠᠪᠤᠴᠠ ᠶᠢᠨ ᠬᠡᠮᠵᠢᠯᠲᠡ ᠡᠵᠡᠮᠰᠢᠯ ᠪᠠ | ᠠᠦ᠋ᠲ᠋ᠣᠴᠢᠯᠠᠭᠰᠠᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠠᠴᠠ ᠪᠦᠯᠭᠦᠮ ᠨᠡᠶᠢᠲᠡ ᠶᠢ ᠵᠣᠬᠢᠶᠠᠨ ᠪᠠᠶᠢᠭᠤᠯᠵᠤ ᠬᠠᠮᠲᠤ ᠪᠠᠷ ᠰᠤᠳᠤᠯᠤᠨ | ᠦᠢᠯᠡᠳᠦᠭᠰᠡᠨ ᠪᠥᠭᠡᠳ᠂ ᠣᠳᠣᠬᠠᠨ ᠤ ᠳᠡᠯᠡᠬᠡᠢ ᠳᠡᠭᠡᠷᠡᠬᠢ ᠴᠤᠷ ᠤᠨ ᠭᠠᠭᠴᠠ ᠤᠷᠢᠳᠴᠢᠯᠠᠨ ᠲᠥᠰᠥᠭᠡᠯᠡᠬᠦ ᠴᠢᠨᠠᠷᠲᠠᠢ ᠬᠠᠮᠠᠭᠠᠯᠠᠯᠲᠠ ᠶᠢ ᠬᠡᠷᠡᠭᠵᠢᠭᠦᠯᠬᠦ | ᠶᠠᠪᠤᠴᠠ ᠪᠠ ᠮᠡᠷᠭᠡᠵᠢᠯ ᠤᠨ ᠱᠠᠭᠠᠷᠳᠠᠯᠭ᠎ᠠ ᠳᠤ ᠴᠢᠭᠯᠡᠭᠦᠯᠦᠭᠰᠡᠨ ᠣᠯᠠᠨ ᠤᠯᠤᠰ ᠤᠨ ᠪᠠᠷᠢᠮᠵᠢᠶ᠎ᠠ ᠪᠣᠯᠣᠨ᠎ᠠ᠃ | ᠲᠣᠰ ᠣᠯᠠᠨ ᠤᠯᠤᠰ ᠤᠨ ᠪᠠᠷᠢᠮᠵᠢᠶ᠎ᠠ ᠨᠢ ᠤᠷᠢᠳᠴᠢᠯᠠᠨ ᠲᠥᠰᠥᠭᠡᠯᠡᠬᠦ ᠴᠢᠨᠠᠷᠲᠠᠢ ᠬᠠᠮᠠᠭᠠᠯᠠᠯᠲᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ | ᠡᠯᠧᠮᠧᠨ᠋ᠲ ᠢ ᠵᠠᠭᠪᠤᠷᠴᠢᠯᠠᠵᠤ᠂ ᠲᠤᠭ᠎ᠠ ᠪᠠᠷᠢᠮᠲᠠ ᠴᠤᠭᠯᠠᠭᠤᠯᠬᠤ᠂ ᠥᠪᠡᠷᠮᠢᠴᠡ ᠰᠢᠨᠵᠢ ᠶᠢ ᠭᠠᠷᠭᠠᠨ ᠠᠪᠬᠤ᠂ ᠵᠠᠭᠪᠤᠷ ᠪᠠᠶᠢᠭᠤᠯᠬᠤ᠂ ᠰᠢᠢᠳᠪᠦᠷᠢᠲᠦ | ᠪᠣᠳᠣᠯᠭ᠎ᠠ ᠶᠢ ᠰᠢᠯᠢᠳᠡᠭᠵᠢᠭᠦᠯᠬᠦ ᠪᠦᠭᠦ ᠶᠠᠪᠤᠴᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠂ ᠰᠠᠭᠠᠳ ᠲᠣᠳᠬᠠᠷ ᠢ ᠤᠷᠢᠳᠴᠢᠯᠠᠨ ᠲᠥᠰᠥᠭᠡᠯᠡᠬᠦ | ᠢᠲᠡᠭᠡᠮᠵᠢ ᠶᠢᠨ ᠪᠣᠱᠤᠭ᠎ᠠ ᠬᠡᠮᠵᠢᠭᠳᠡᠯ᠂ ᠬᠠᠮᠠᠭᠠᠯᠠᠯᠲᠠ ᠶᠢᠨ ᠲᠤᠰᠬᠠᠯ ᠭᠠᠷᠬᠤ ᠴᠠᠭ ᠵᠡᠷᠭᠡ ᠭᠦᠢᠴᠡᠳᠬᠡᠯ ᠲᠤᠭ᠎ᠠ ᠶᠢ ᠳᠤᠷᠠᠳᠴᠤ᠂ ᠲᠥᠬᠦᠭᠡᠷᠦᠮᠵᠢ ᠶᠢᠨ | ᠠᠮᠤᠷ ᠲᠦᠪᠰᠢᠨ᠂ ᠥᠨᠳᠥᠷ ᠪᠦᠲᠦᠮᠵᠢᠲᠡᠶ ᠠᠵᠢᠯᠯᠠᠬᠤ ᠳᠤ ᠬᠦᠴᠦᠲᠡᠢ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠪᠠ᠃ ᠣᠳᠣᠬᠠᠨ ᠳᠤ᠂ ᠲᠣᠰ ᠰᠢᠷᠢᠰ | ᠪᠠᠷᠢᠮᠵᠢᠶ᠎ᠠ ᠳᠤ ᠰᠠᠭᠤᠷᠢᠯᠠᠨ ᠰᠤᠳᠤᠯᠤᠨ ᠨᠡᠭᠡᠭᠡᠭᠰᠡᠨ ᠵᠥᠭᠡᠯᠡᠨ ᠬᠠᠲᠠᠭᠤ ᠲᠤᠨᠤᠭ ᠤᠨ ᠦᠢᠯᠡᠳᠬᠦᠨ ᠢ ᠨᠢᠭᠡᠨᠲᠡ ᠠᠭᠠᠷ ᠤᠨ ᠠᠶᠠᠯᠠᠯ᠂ ᠣᠩᠭᠤᠴᠠ ᠰᠠᠯ᠂ | ᠮᠠᠰᠢᠨ ᠲᠡᠷᠭᠡ᠂ ᠴᠠᠬᠯᠢᠭ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠤᠯᠪᠠᠰᠤᠷᠠᠭᠤᠯᠬᠤ ᠵᠡᠷᠭᠡ ᠬᠠᠮᠢᠶ᠎ᠠ ᠪᠦᠬᠦᠢ ᠣᠶᠤᠨᠴᠢ | ᠦᠢᠯᠡᠳᠬᠦ ᠦᠢᠯᠡᠰ ᠤᠨ ᠬᠦᠷᠢᠶᠡᠨ ᠳᠤ ᠥᠷᠭᠡᠨ ᠢᠶᠠᠷ ᠬᠡᠷᠡᠭᠯᠡᠵᠦ ᠪᠠᠶᠢᠨ᠎ᠠ᠃ | ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠮᠠᠨ ᠤ ᠤᠯᠤᠰ ᠤᠨ ᠲᠤᠰᠬᠠᠢ ᠮᠡᠷᠭᠡᠵᠢᠯᠲᠡᠨ ᠤ ᠪᠦᠯᠭᠦᠮ ᠣᠯᠠᠨ | ᠤᠯᠤᠰ ᠤᠨ ᠠᠯᠢ ᠣᠯᠠᠨ ᠪᠠᠷᠢᠮᠵᠢᠶ᠎ᠠ ᠶᠢ ᠰᠤᠳᠤᠯᠤᠨ ᠦᠢᠯᠡᠳᠬᠦ ᠶᠢ ᠦᠷᠭᠦᠯᠵᠢᠯᠡᠨ ᠠᠬᠢᠭᠤᠯᠵᠤ᠂ ︽ᠨᠡᠶᠢᠳᠡᠮ ᠬᠡᠷᠡᠭᠯᠡᠬᠦ ᠱᠠᠭᠠᠷᠳᠠᠯᠭ᠎ᠠ - ᠪᠣᠳᠣᠯᠲᠠ ᠶᠢᠨ | ᠠᠷᠭ᠎ᠠ ᠶᠢ ᠰᠢᠯᠭᠠᠨ ᠦᠨᠡᠯᠡᠬᠦ - ᠦᠷ᠎ᠡ ᠪᠦᠲᠦᠮᠵᠢ ᠶᠢ ᠦᠨᠡᠯᠡᠬᠦ︾ ᠤᠷᠢᠳᠴᠢᠯᠠᠨ ᠲᠥᠰᠥᠭᠡᠯᠡᠬᠦ ᠴᠢᠨᠠᠷᠲᠠᠢ ᠬᠠᠮᠠᠭᠠᠯᠠᠯᠲᠠ ᠶᠢᠨ ᠣᠯᠠᠨ ᠤᠯᠤᠰ ᠤᠨ | ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ᠂ ᠮᠠᠨ ᠤ ᠤᠯᠤᠰ ᠤᠨ ᠣᠶᠤᠨᠴᠢ ᠦᠢᠯᠡᠳᠬᠦ ᠦᠢᠯᠡᠰ ᠢ ᠰᠢᠰᠲ᠋ᠧᠮᠵᠢᠭᠦᠯᠦᠨ ᠭᠦᠨᠵᠡᠭᠡᠢ ᠠᠬᠢᠭᠤᠯᠬᠤ ᠳᠤ | ᠵᠠᠩᠭᠢᠯᠠᠭ᠎ᠠ ᠶᠢᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 21 ᠤ ᠴᠠᠭᠢᠯᠭᠠᠨ ᠮᠡᠳᠡᠭᠡ︶ | |