︽ᠲᠦᠭᠡᠮᠡᠯ ᠬᠠᠶᠢᠷ᠎ᠠ ᠶᠢᠨ ᠬᠡᠷ ᠣᠷᠣᠨ︾ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠣᠷᠢᠯᠲᠠ ᠶᠢ ᠢᠯᠡᠷᠡᠭᠦᠯᠵᠦ᠂ ︽ᠬᠥᠮᠥᠡᠯᠢᠭ | ᠶᠣᠰᠣ᠂ ᠲᠦᠭᠡᠮᠡᠯ ᠬᠠᠶᠢᠷ᠎ᠠ᠂ ᠬᠠᠷᠠᠮ ᠥᠬᠡᠶ ᠵᠢᠳᠬᠦᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ | ᠂ ᠤᠷᠠᠳ ᠤᠨ ᠡᠮᠦᠨᠡᠲᠦ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠥᠬᠦ ᠠᠵᠢᠯᠲᠠᠨ᠂ ᠰᠠᠶᠢᠨ ᠳᠣᠷᠠᠴᠣᠳ ᠶᠡᠭᠡ ᠰᠢᠭᠡᠲᠡᠢ | ᠪᠠᠯᠭᠠᠰᠤᠨ ᠤ ᠮᠠ ᠪᠦᠸᠧ ᠽᠢ ᠲᠣᠰᠬᠤᠨ ᠳᠤ ᠬᠥᠮᠥᠡᠯᠢᠭ ᠰᠣᠶᠣᠯ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠡᠷᠡᠭᠦᠯ ᠮᠡᠨᠳᠦ ᠶᠢᠨ | ᠬᠥᠮᠦᠵᠢᠯ ᠪᠠ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠮᠡᠳᠡᠯᠭᠡ ᠶᠢᠨ ᠪᠣᠯᠪᠠᠰᠤᠷᠠᠯ ᠥᠷᠨᠢᠭᠦᠯᠪᠡ᠃ | ᠪᠣᠯᠪᠠᠰᠤᠷᠠᠯ ᠳᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠠᠵᠢᠯᠲᠠᠳ ᠠᠴᠠ ᠰᠡᠳᠦᠪ ᠬᠠᠷᠢᠭᠤᠯᠬᠤ ᠪᠠ ᠰᠡᠳᠦᠪ ᠳᠠᠷᠠᠭᠠᠯᠠᠨ ᠲᠠᠶᠢᠯᠪᠤᠷᠢᠯᠠᠬᠤ | ᠠᠷᠭ᠎ᠠ ᠪᠠᠷ ᠲᠣᠰᠬᠤᠨ ᠤ ᠠᠷᠠᠳ ᠲᠤ ᠤᠯᠠᠭᠠᠨ ᠵᠠᠭᠠᠯᠮᠠᠶᠢᠳᠠᠨ ᠤ ᠬᠥᠮᠦᠯᠢᠭ ᠰᠣᠶᠣᠯ ᠵᠢᠴᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠡᠷᠡᠭᠦᠯ | ᠮᠡᠨᠳᠤ ᠶᠢᠨ ᠬᠥᠮᠦᠵᠢᠯ ᠵᠡᠷᠭᠡ ᠦᠨᠳᠦᠰᠦᠨ ᠮᠡᠳᠡᠯᠭᠡ ᠶᠢ ᠤᠬᠠᠭᠤᠯᠵᠤ᠂ ᠲᠣᠰᠬᠤᠨ ᠤ ᠠᠷᠠᠳ ᠲᠤ ᠬᠥᠮᠦᠯᠢᠭ ᠰᠣᠶᠣᠯ᠂ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠵᠠᠶᠢᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠮᠡᠳᠡᠯᠭᠡ ᠶᠢᠨ ᠲᠠᠯ᠎ᠠ ᠪᠠᠷ ᠨᠡᠩ ᠭᠦᠨ ᠣᠶᠢᠯᠠᠭᠠᠯᠲᠠ ᠲᠠᠢ ᠪᠣᠯᠭᠠᠵᠠᠢ︔ ᠲᠤᠬᠠᠢ ᠶᠢᠨ | ᠲᠠᠯᠠᠪᠠᠢ ᠳᠤ ᠪᠠᠰᠠ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠭᠠᠯ ᠤᠨ ᠭᠠᠮᠰᠢᠭ ᠠᠴᠠ ᠠᠮᠢ ᠵᠢᠭᠤᠲᠠᠬᠤ ᠠᠶᠤᠯ ᠠᠴᠠ ᠵᠠᠶᠢᠯᠠᠬᠤ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠲᠣᠰᠬᠤᠨ ᠤ ᠠᠷᠠᠳ ᠪᠡᠶ᠎ᠡ ᠪᠠᠷ ᠢᠶᠠᠨ ᠦᠢᠯᠡᠳᠦᠯᠭᠡᠵᠢᠭᠦᠯᠵᠦ᠂ ᠵᠥᠪ ᠣᠨᠣᠪᠴᠢᠲᠠᠢ ᠠᠮᠢ | ᠵᠢᠭᠤᠲᠠᠬᠤ ᠤᠷ᠎ᠠ ᠮᠡᠷᠭᠡᠵᠢᠯ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠠᠷᠭ᠎ᠠ ᠶᠢ ᠡᠵᠡᠮᠰᠢᠵᠦ᠂ ᠭᠡᠨᠡᠳᠲᠡ ᠶᠢᠨ ᠭᠠᠮᠰᠢᠭ ᠢ ᠠᠷᠭᠠᠴᠠᠬᠤ | ᠴᠢᠳᠠᠪᠤᠷᠢ ᠪᠠᠨ ᠳᠡᠭᠡᠭᠰᠢᠯᠡᠬᠦᠯᠪᠡ᠃ |