| ᠪᠦᠭᠦ ᠤᠯᠤᠰ ᠤᠨ ᠪᠢᠴᠢᠬᠠᠨ ᠨᠠᠶᠢᠵᠠ ᠨᠠᠷ ᠲᠤ ︽6·1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠮᠡᠨᠳᠦ ᠬᠦᠷᠭᠡᠪᠡ | ᠼᠠᠢ ᠴᠢ ᠡᠭᠢᠯᠡᠯᠲᠡ ᠶᠢᠨ ᠬᠤᠷᠠᠯ ᠳᠤ ᠣᠷᠣᠯᠴᠠᠪᠠ | ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ | ᠠᠩᠭᠢ ᠶᠢᠨ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 27 ᠤ ᠦᠳᠡ ᠶᠢᠨ ᠡᠮᠦᠨ᠎ᠡ ᠪᠡᠭᠡᠵᠢᠩ ᠳᠤ ᠡᠬᠢᠯᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠶᠡᠭᠡ | ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ᠂ | ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠲᠠᠳ ᠲᠤ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠪᠦᠭᠦ ᠤᠯᠤᠰ ᠤᠨ ᠪᠢᠴᠢᠬᠠᠨ ᠨᠠᠶᠢᠵᠠ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ | ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠪᠠᠭᠠᠴᠤᠳ ᠬᠡᠦᠬᠡᠳ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠢᠷᠡᠭᠡᠳᠦᠢ ᠶᠢᠨ ᠪᠡᠯᠡᠳᠬᠡᠯ ᠬᠦᠴᠦᠨ ᠮᠥᠨ᠂ ᠪᠠᠭᠠᠴᠤᠳ ᠤᠨ ᠬᠤᠰᠢᠭᠤᠴᠢ ᠠᠩᠭᠢ ᠪᠣᠯ | ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠲᠣᠮᠣ ᠰᠤᠷᠭᠠᠭᠤᠯᠢ ᠮᠥᠨ᠃ ᠰᠢᠨ᠎ᠡ ᠠᠶᠠᠨ ᠳᠤ᠂ ᠪᠠᠭᠠᠴᠤᠳ ᠤᠨ ᠬᠤᠰᠢᠭᠤᠴᠢ ᠠᠩᠭᠢ ᠶᠢᠨ | ᠬᠢᠨ ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠢ ᠥᠨᠳᠥᠷ ᠮᠠᠨᠳᠤᠭᠤᠯᠵᠤ ᠨᠠᠮ ᠢᠶᠠᠨ ᠲᠠᠭᠠᠨ ᠤᠷᠤᠭᠰᠢᠯᠠᠵᠤ᠂ ᠡᠪ ᠬᠠᠮᠲᠤ ᠶᠣᠰᠣᠨ ᠤ | ᠵᠠᠯᠭᠠᠮᠵᠢᠯᠠᠭᠴᠢ ᠶᠢ ᠬᠥᠮᠥᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠶᠢ ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠣᠯᠠᠨ ᠪᠠᠭᠠᠴᠤᠳ ᠤᠨ | ᠬᠤᠰᠢᠭᠤᠴᠢ ᠠᠩᠭᠢ ᠶᠢᠨ ᠭᠡᠰᠢᠭᠦᠨ ᠢ ᠬᠥᠮᠥᠵᠢᠭᠦᠯᠦᠨ ᠬᠥᠲᠥᠯᠥᠨ ᠳᠠᠭᠠᠭᠤᠯᠵᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠰᠢᠷᠭᠠᠭᠤ | ᠬᠠᠲᠠᠭᠤᠵᠢᠯᠲᠠᠢ ᠰᠤᠷᠤᠯᠴᠠᠬᠤ᠂ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠤᠯᠬᠤ ᠬᠡᠷᠡᠭᠲᠡᠢ᠃ ᠪᠠᠭᠠᠴᠤᠳ ᠤᠨ | ᠬᠤᠰᠢᠭᠤᠴᠢ ᠠᠩᠭᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠪᠦᠭᠦ ᠡᠪᠯᠡᠯ ᠢᠶᠠᠷ ᠢᠶᠠᠨ ᠪᠠᠭᠠᠴᠤᠳ ᠤᠨ ᠬᠤᠰᠢᠭᠤᠴᠢ ᠠᠩᠭᠢ ᠶᠢ ᠳᠠᠶᠢᠴᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠪᠠ ᠨᠥᠬᠦᠴᠡᠯ ᠢ ᠪᠦᠷᠢᠯᠳᠦᠭᠦᠯᠵᠦ᠂ | ᠪᠠᠭᠠᠴᠤᠳ ᠤᠨ ᠬᠤᠰᠢᠭᠤᠴᠢ ᠠᠩᠭᠢ ᠶᠢᠨ ᠦᠢᠯᠡᠰ ᠤᠨ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠼᠠᠢ ᠴᠢ ᠡᠭᠢᠯᠡᠯᠲᠡ ᠶᠢᠨ ᠬᠤᠷᠠᠯ ᠳᠤ ᠣᠷᠣᠯᠴᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠱᠢ ᠲᠠᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ | ᠨᠠᠮ ᠤᠨ ᠲᠥᠪ ᠬᠤᠷᠢᠶ᠎ᠠ ᠶᠢ ᠲᠥᠯᠥᠭᠡᠯᠡᠨ ᠦᠭᠡ ᠬᠡᠯᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠪᠠᠭᠠᠴᠤᠳ ᠬᠡᠦᠬᠡᠳ ᠪᠣᠯᠣᠨ | ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ᠂ ᠪᠠᠭᠠᠴᠤᠳ ᠤᠨ ᠬᠤᠰᠢᠭᠤᠴᠢ | ᠠᠩᠭᠢ ᠶᠢᠨ ᠪᠠᠶᠢᠭᠤᠯᠤᠯᠲᠠ ᠶᠢ ᠳᠠᠭᠠᠭᠤᠯᠬᠤ ᠶᠢ ᠪᠠᠷᠢᠮᠲᠠᠯᠠᠵᠤ᠂ ᠬᠡᠦᠬᠡᠳ ᠤᠨ ᠥᠰᠦᠯᠲᠡ ᠪᠤᠶᠢᠵᠢᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ | ᠪᠦᠷᠢᠯᠳᠦᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠯ ᠢ ᠪᠠᠲᠤ ᠴᠡᠭᠡᠵᠢᠯᠡᠵᠦ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠨ᠂ | ᠳᠤᠮᠳᠠᠳᠤ ᠶᠢᠨ ᠰᠣᠶᠣᠯ ᠤᠨ ᠰᠤᠳᠠᠰᠤ ᠶᠢ ᠵᠠᠯᠭᠠᠮᠵᠢᠯᠠᠨ᠂ ᠲᠡᠮᠡᠴᠡᠯ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ | ᠬᠠᠶᠢᠷᠠᠯᠠᠬᠤ᠂ ᠲᠡᠰᠪᠦᠷᠢ ᠬᠠᠲᠠᠭᠤᠵᠢᠯᠲᠠᠢ ᠰᠤᠷᠤᠯᠴᠠᠬᠤ᠂ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠤᠯᠬᠤ ᠪᠠᠷ | ᠴᠢᠷᠮᠠᠶᠢᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠴᠠᠭ | ᠢᠮᠠᠭᠲᠠ ᠪᠡᠯᠡᠬᠡᠨ ᠪᠠᠶᠢᠬᠤ ᠶᠢ ᠥᠷᠭᠡᠨ ᠤᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠬᠦᠰᠡᠵᠦ ᠪᠠᠶᠢᠨ᠎ᠠ ᠭᠡᠵᠦ ᠢᠯᠡᠳᠬᠡᠪᠡ᠃ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ | ᠰᠢᠦᠸᠠᠶᠢᠺᠧᠯᠠᠶᠢᠲ·ᠵᠠᠺᠧᠯ᠂ ᠲᠥᠷᠥ ᠶᠢᠨ ᠶᠠᠪᠤᠳᠠᠯ ᠤᠨ ᠭᠡᠰᠢᠭᠦᠨ ᠱᠧᠨ ᠢ ᠴᠢᠨ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠱᠧᠨ ᠶᠤᠸᠠᠢ ᠶᠤᠸᠠᠢ ᠬᠤᠷᠠᠯ ᠳᠤ ᠣᠷᠣᠯᠴᠠᠪᠠ᠃ | ᠶᠡᠭᠡ ᠬᠤᠷᠠᠯ ᠤᠨ ᠡᠭᠢᠯᠡᠯᠲᠡ ᠶᠢᠨ ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ | ᠨᠢᠭᠡᠳᠦᠭᠡᠷ ᠱᠦᠵᠢ ᠠ ᠳ᠋ᠦᠩ᠂ ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ ᠸᠠᠩ ᠵᠢᠶᠠ ᠢ ᠲᠣᠰ ᠲᠣᠰ ᠡᠪ ᠬᠠᠮᠲᠤ ᠵᠠᠯᠠᠭᠤᠴᠤᠳ ᠤᠨ | ᠡᠪᠯᠡᠯ ᠤᠨ ᠲᠥᠪ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ ᠢ ᠲᠥᠯᠥᠭᠡᠯᠡᠨ ᠦᠭᠡ ᠬᠡᠯᠡᠪᠡ᠃ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠤᠨ ᠲᠥᠯᠥᠭᠡᠯᠡᠭᠴᠢ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠵᠤ ᠤᠷᠤᠭᠰᠢᠯᠠᠬᠤ᠂ ᠪᠠᠭᠠᠴᠤᠳ ᠤᠨ ᠬᠤᠰᠢᠭᠤᠴᠢ ᠠᠩᠭᠢ ᠶᠢᠨ | ᠵᠣᠬᠢᠶᠠᠨ ᠪᠠᠶᠢᠭᠤᠯᠤᠯᠲᠠ ᠶᠢᠨ ᠳᠤᠮᠳᠠ ᠰᠤᠷᠤᠯᠴᠠᠨ ᠦᠢᠯᠡᠳᠦᠯᠭᠡᠵᠢᠭᠦᠯᠵᠦ ᠦᠰᠦᠨ ᠪᠣᠶᠢᠵᠢᠭᠰᠠᠨ ᠦᠯᠢᠭᠡᠷ ᠢᠶᠠᠨ ᠬᠠᠷᠢᠭᠤ ᠮᠡᠳᠡᠭᠦᠯᠪᠡ᠃ ᠶᠡᠭᠡ | ᠬᠤᠷᠠᠯ ᠠᠴᠠ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ᠂ ᠪᠦᠭᠦ ᠤᠯᠤᠰ ᠤᠨ | ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠮᠲᠤ ᠶᠢᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ ᠡᠪ ᠬᠠᠮᠲᠤ ᠵᠠᠯᠠᠭᠤᠴᠤᠳ ᠤᠨ | ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠪᠠᠭᠠᠴᠤᠳ ᠤᠨ ᠠᠵᠢᠯ ᠤᠨ ᠵᠥᠪᠯᠡᠯ ᠤᠨ ᠪᠠᠶᠢᠩᠭᠤ ᠶᠢᠨ | ᠳᠡᠳ᠋ ᠡᠷᠭᠢᠯᠡᠭᠴᠢ ᠸᠠᠩ ᠢ ᠨᠠᠢᠮᠠᠳᠤᠭᠠᠷ ᠬᠤᠭᠤᠴᠠᠭᠠᠨ ᠤ ᠪᠦᠭᠦ ᠤᠯᠤᠰ ᠤᠨ ᠪᠠᠭᠠᠴᠤᠳ ᠤᠨ ᠠᠵᠢᠯ ᠤᠨ ᠵᠥᠪᠯᠡᠯ ᠢ ᠲᠥᠯᠥᠭᠡᠯᠡᠨ ᠠᠵᠢᠯ ᠤᠨ | ᠢᠯᠡᠳᠬᠡᠯ ᠬᠢᠪᠡ᠃ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠤᠨ | ᠬᠠᠷᠢᠭᠤᠴᠠᠯᠭᠠᠲᠠᠨ᠂ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢ᠂ ᠪᠦᠭᠦ ᠤᠯᠤᠰ ᠤᠨ | ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ | ᠰᠢᠯᠢᠳᠡᠭ ᠬᠠᠮᠲᠤ ᠶᠢᠨ ᠲᠥᠯᠥᠭᠡᠯᠡᠭᠴᠢ᠂ ᠪᠡᠭᠡᠵᠢᠩ ᠬᠤᠳᠠ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠣᠨ ᠪᠠᠭᠠᠴᠤᠳ ᠤᠨ | ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠲᠥᠯᠥᠭᠡᠯᠡᠭᠴᠢ ᠵᠡᠷᠭᠡ 3000 ᠰᠢᠬᠠᠮ ᠬᠥᠮᠥᠨ ᠡᠭᠢᠯᠡᠯᠲᠡ ᠶᠢᠨ ᠬᠤᠷᠠᠯ ᠳᠤ | ᠣᠷᠣᠯᠴᠠᠵᠠᠢ᠃ | (ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 27 ᠤ ᠴᠠᠭᠢᠯᠭᠠᠨ ᠮᠡᠳᠡᠭᠡ ) | | | |