ᠮᠠᠨ ᠤ ᠣᠷᠣᠨ ᠭᠡᠷ ᠤᠨ ᠴᠠᠭᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠦᠷᠢ ᠣᠯᠭᠤᠬᠤ ᠲᠦᠷᠦᠯ ᠵᠦᠢᠯ ᠢ 24 ᠪᠣᠯᠭᠠᠨ ᠨᠡᠮᠡᠭᠳᠡᠭᠦᠯᠪᠡ
ᠨᠡᠶᠢᠲᠡᠯᠡᠭᠰᠡᠨ ᠴᠠᠭ᠄
2025/5/6
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠬᠤ ᠲᠠᠶᠢᠯᠤᠮᠵᠢ ᠶᠢᠨ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ  ᠭᠡᠷ ᠤᠨ ᠴᠠᠭᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠦᠷᠢ ᠣᠯᠭᠤᠬᠤ ᠲᠦᠷᠦᠯ ᠵᠦᠢᠯ ᠢ ᠰᠢᠨ᠎ᠡ ᠪᠠᠷ 12 ᠨᠡᠮᠡᠭᠳᠡᠭᠦᠯᠦᠭᠡᠳ ᠨᠡᠶᠢᠳᠡ 24 ᠲᠦᠷᠦᠯ ᠪᠣᠯᠭᠠᠪᠠ᠃    ᠡᠨᠡ ᠵᠢᠯ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 4 ᠰᠠᠯᠠᠭ᠎ᠠ ᠮᠥᠴᠢᠷ ᠤᠨ ᠠᠯᠪᠠᠨ ᠲᠢᠩᠬᠢᠮ ᠠᠴᠠ ︽2025 ᠣᠨ ᠤ ᠭᠡᠷ ᠤᠨ ᠴᠠᠭᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠪᠢ ᠬᠥᠮᠥᠨ ᠤ 2 ᠲᠠᠰ ᠵᠢᠴᠢ 2 ᠲᠠᠰ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠲᠠᠢ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠠᠭᠠᠷ ᠲᠣᠬᠢᠷᠠᠭᠤᠯᠤᠭᠴᠢ᠂ ᠺᠤᠮᠫᠢᠦ᠋ᠲ᠋ᠧᠷ᠂ ᠤᠰᠤ ᠬᠠᠯᠠᠭᠠᠭᠤᠷ᠂ ᠭᠡᠷ ᠤᠨ ᠵᠤᠤᠬ᠎ᠠ᠂ ᠲᠣᠰᠣ ᠣᠲᠤᠭ᠎ᠠ ᠰᠣᠷᠣᠬᠤ ᠮᠠᠰᠢᠨ᠂ ᠤᠰᠤ ᠴᠡᠪᠡᠷᠰᠢᠭᠦᠯᠬᠦ ᠮᠠᠰᠢᠨ᠂ ᠠᠶᠠᠭ᠎ᠠ ᠤᠬᠢᠶᠠᠬᠤ ᠮᠠᠰᠢᠨ᠂ ᠴᠠᠭᠢᠯᠭᠠᠨ ᠲᠣᠭᠤᠭ᠎ᠠ᠂ ᠪᠢᠴᠢᠯ ᠳᠣᠯᠭᠢᠶᠠᠨ ᠵᠤᠤᠬ᠎ᠠ ᠵᠡᠷᠭᠡ 12 ᠲᠥᠷᠥᠯ ᠤᠨ  ᠴᠠᠭᠢᠯᠭᠠᠨ ᠬᠡᠷᠡᠭᠰᠡᠯ ᠢ ᠬᠤᠳᠠᠯᠳᠤᠨ ᠠᠪᠬᠤ ᠳᠤ ᠨᠥᠬᠦᠪᠦᠷᠢ ᠣᠯᠭᠤᠨ᠎ᠠ ᠭᠡᠵᠦ ᠳᠤᠷᠠᠳᠴᠠᠢ᠃ ᠡᠭᠦᠨ ᠤ ᠬᠠᠮᠲᠤ᠂ ᠣᠷᠣᠨ ᠨᠤᠲᠤᠭ ᠤᠨ  ᠬᠢᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠤᠰᠤᠳ ᠶᠡᠭᠡ ᠬᠡᠮᠵᠢᠶᠡᠨ ᠤ ᠪᠥᠬᠡᠯᠢᠭ ᠭᠡᠷ ᠤᠨ ᠴᠠᠭᠢᠯᠭᠠᠨ ᠬᠡᠷᠡᠭᠰᠡᠯ ᠳᠤ ᠨᠥᠬᠦᠪᠦᠷᠢ ᠣᠯᠭᠤᠬᠤ ᠶᠢ ᠵᠣᠷᠢᠭᠵᠢᠭᠤᠯᠤᠨ᠎ᠠ ᠭᠡᠵᠡᠢ᠃     ᠮᠠᠨ ᠤ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠡᠷ ᠤᠨ ᠴᠠᠭᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠲᠥᠷᠥᠯ ᠵᠦᠢᠯ ᠤᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠬᠤᠪᠴᠠᠰᠤ ᠬᠤᠨᠠᠷ ᠢᠯᠢᠭᠦᠷᠳᠡᠬᠦ ᠮᠠᠰᠢᠨ᠂ ᠭᠠᠵᠠᠷ ᠱᠦᠭᠦᠷᠳᠡᠬᠦ ᠮᠠᠰᠢᠨ᠂ ᠵᠢᠩᠨᠡᠵᠦ ᠰᠢᠷᠠᠬᠤ ᠲᠣᠭᠤᠭ᠎ᠠ᠂ ᠠᠭᠠᠷ ᠴᠡᠪᠡᠷᠰᠢᠭᠦᠯᠦᠭᠴᠢ᠂ ᠴᠠᠭᠢᠯᠭᠠᠨ ᠵᠢᠩᠨᠡᠭᠦᠷ ᠲᠣᠭᠤᠭ᠎ᠠ᠂ ᠭᠡᠷ ᠤᠨ ᠬᠡᠷᠡᠭᠯᠡᠭᠡᠨ ᠤ ᠳᠠᠷᠤᠮᠠᠯᠯᠠᠬᠤ ᠮᠠᠰᠢᠨ᠂ ᠠᠷᠢᠭᠤᠳᠬᠠᠬᠤ ᠬᠤᠷᠭᠤ᠂ ᠴᠣᠩᠬᠤ ᠵᠦᠯᠭᠦᠬᠦ ᠮᠠᠰᠢᠨ ᠬᠥᠮᠥᠨ ᠵᠡᠷᠭᠡ 12 ᠲᠥᠷᠥᠯ ᠵᠦᠢᠯ ᠢ ᠨᠡᠮᠡᠭᠳᠡᠭᠦᠯᠵᠦ᠂  ᠭᠡᠷ ᠤᠨ ᠴᠠᠭᠢᠯᠭᠠᠨ ᠬᠡᠷᠡᠭᠰᠡᠯ  ᠤᠨ  ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠦᠷᠢ ᠣᠯᠭᠤᠬᠤ ᠲᠦᠷᠦᠯ ᠵᠦᠢᠯ ᠢ 24 ᠲᠥᠷᠥᠯ ᠪᠣᠯᠭᠠᠨ ᠨᠡᠮᠡᠭᠳᠡᠭᠦᠯᠦᠭᠰᠡᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ