ᠲᠦᠷᠦᠭᠦᠦ ᠤᠯᠠᠷᠢᠯ ᠳᠤ ᠪᠦᠭᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 4 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2025/5/6
     4 ᠰᠠᠷ᠎ᠠ ᠶᠢᠨ 27 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽2025 ᠣᠨ ᠤ ᠨᠢᠭᠡᠳᠦᠭᠡᠷ ᠤᠯᠠᠷᠢᠯ ᠤᠨ ᠪᠦᠭᠦ ᠣᠷᠣᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠤᠨ ᠲᠤᠬᠠᠢ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠲᠣᠪᠴᠢᠶ᠎ᠠ ᠶᠢᠨ ᠬᠠᠷᠢᠭᠤᠴᠠᠯᠭᠠᠲᠠᠨ ᠢ ᠤᠷᠢᠵᠤ᠂ 2025 ᠣᠨ ᠤ ᠨᠢᠭᠡᠳᠦᠭᠡᠷ ᠤᠯᠠᠷᠢᠯ  ᠤᠨ ᠪᠦᠭᠦ ᠣᠷᠣᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠵᠢᠴᠢ ᠮᠥᠩᠭᠦᠨ ᠭᠦᠢᠯᠭᠡᠭᠡᠨ ᠢᠶᠠᠷ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠭᠰᠡᠨ ᠪᠠᠶᠢᠳᠠᠯ ᠤᠨ ᠲᠤᠬᠠᠢ ᠲᠠᠨᠢᠯᠴᠠᠭᠤᠯᠪᠠ᠃    ︽ᠡᠨᠡ ᠵᠢᠯ ᠤᠨ ᠨᠢᠭᠡᠳᠦᠭᠡᠷ ᠤᠯᠠᠷᠢᠯ ᠳᠤ᠂ ᠪᠦᠭᠦ ᠣᠷᠣᠨ ᠤ ᠮᠥᠩᠭᠦᠨ ᠭᠦᠢᠯᠭᠡᠭᠡᠨ ᠤ ᠠᠵᠢᠯᠯᠠᠭ᠎ᠠ ᠰᠠᠶᠢᠨ ᠡᠭᠢᠯᠡᠯᠲᠡ ᠲᠠᠢ ᠪᠠᠶᠢᠵᠤ᠂ ᠬᠠᠳᠠᠭᠠᠯᠠᠮᠵᠢ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠲᠣᠭᠲᠠᠭᠤᠨ ᠢᠶᠠᠷ ᠨᠡᠮᠡᠭᠳᠡᠨ᠂ ᠬᠠᠳᠠᠭᠠᠯᠠᠮᠵᠢ ᠶᠢᠨ ᠦᠯᠡᠳᠡᠪᠦᠷᠢ 4 ᠲᠦᠮᠡᠨ ᠳ᠋ᠦᠩᠰᠢᠭᠤᠷ ᠲᠥᠭᠦᠷᠢᠭ  ᠢ ᠳᠠᠪᠠᠪᠠ︾ ᠭᠡᠵᠦ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠬᠠᠨ ᠰᠢᠶᠠᠩ ᠭᠦᠸᠧ ᠬᠡᠯᠡᠪᠡ᠃    ᠡᠨᠡ ᠵᠢᠯ ᠠᠴᠠ ᠨᠠᠭᠠᠰᠢ᠂ ᠪᠦᠭᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ  ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ︽ᠨᠢᠭᠡ ᠭᠤᠣᠯ ᠱᠤᠭᠤᠮ︾ ᠢ ᠲᠤᠭᠤᠰᠢᠯᠠᠭᠤᠯᠬᠤ᠂  ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ᠂ ᠮᠥᠩᠭᠦᠨ ᠭᠦᠢᠯᠭᠡᠭᠡᠨ ᠤ ︽ᠲᠠᠪᠤᠨ ᠶᠡᠭᠡ ᠶᠠᠪᠤᠳᠠᠯ︾ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃ ᠨᠢᠭᠡᠳᠦᠭᠡᠷ ᠤᠯᠠᠷᠢᠯ ᠳᠤ᠂ ᠬᠠᠳᠠᠭᠠᠯᠠᠮᠵᠢ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠲᠣᠭᠲᠠᠭᠤᠨ ᠢᠶᠠᠷ ᠨᠡᠮᠡᠭᠳᠡᠵᠦ᠂ ᠪᠦᠭᠦ ᠣᠷᠣᠨ ᠤ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ  ᠶᠢᠨ ᠨᠡᠮᠡᠭᠳᠡᠯ ᠤᠨ ᠬᠡᠮᠵᠢᠶ᠎ᠡ 1354.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.2 ᠳ᠋ᠦᠩᠰᠢᠭᠤᠷ ᠲᠥᠭᠦᠷᠢᠭ ᠨᠡᠮᠡᠭᠳᠡᠪᠡ᠃ 3 ᠰᠠᠷ᠎ᠠ ᠶᠢᠨ ᠰᠡᠭᠦᠯᠴᠢ ᠪᠠᠷ᠂ ᠪᠦᠭᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 32292.4 ᠳ᠋ᠦᠩᠰᠢᠭᠤᠷ ᠲᠥᠭᠦᠷᠢᠭ ᠪᠠᠶᠢᠵᠤ᠂ ᠬᠠᠷᠢᠴᠠᠭᠤᠯᠵᠤ ᠪᠤᠯᠬᠤ ᠪᠠᠷᠢᠮᠵᠢᠶ᠎ᠠ ᠪᠠᠷ ᠪᠤᠳᠤᠪᠠᠯ᠂ ᠵᠢᠯ  ᠤᠨ ᠡᠬᠢᠨ ᠤ ᠬᠢ ᠠᠴᠠ 965 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠪᠡ︔ ᠪᠦᠭᠦ ᠣᠷᠣᠨ  ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 4 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 3 ᠰᠠᠷ᠎ᠠ ᠶᠢᠨ ᠰᠡᠭᠦᠯᠴᠢ ᠪᠠᠷ 40542.4 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1501.5 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠭᠰᠡᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ