ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠬᠡᠷᠡᠭᠯᠡᠭᠡ | ᠶᠢᠨ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠬᠤ ᠲᠠᠶᠢᠯᠤᠮᠵᠢ ᠶᠢᠨ ᠬᠤᠷᠠᠯ | ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠳᠤ | ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 4 ᠰᠠᠷ᠎ᠠ ᠶᠢᠨ 20 ᠤ ᠡᠳᠦᠷ ᠪᠤᠯᠲᠠᠯ᠎ᠠ 13744 | ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠬᠡᠷᠡᠭᠯᠡᠭᠡᠨ ᠠᠴᠠ ᠭᠠᠷᠭᠠᠬᠤ ᠭᠤᠶᠤᠴᠢᠯᠠᠯ ᠢ ᠭᠦᠢᠴᠡᠳᠬᠡᠵᠦ᠂ 5863 ᠲᠦᠮᠡᠨ ᠲᠥᠭᠦᠷᠢᠭ ᠤᠨ ᠨᠥᠬᠦᠪᠦᠷᠢ | ᠣᠯᠭᠤᠨ᠂ 9105 ᠮᠠᠯᠵᠢᠬᠤ ᠲᠠᠷᠢᠶᠠᠯᠠᠬᠤ ᠡᠷᠦᠭᠡ ᠳᠤ ᠠᠰᠢᠭ ᠬᠦᠷᠲᠡᠭᠡᠵᠦ᠂ ᠲᠤᠰ ᠲᠤᠰ ᠨᠢᠳᠤᠨᠤᠨ ᠤ ᠠᠳᠠᠯᠢ ᠬᠤᠭᠤᠴᠠᠭᠠᠨ ᠤ 55 ᠳᠠᠭᠢᠨ᠂ 28 | ᠳᠠᠭᠢᠨ ᠪᠠ 39 ᠳᠠᠭᠢᠨ ᠪᠠᠶᠢᠵᠤ᠂ ᠴᠥᠮ 2019 - 2024 ᠣᠨ ᠤ ᠶᠡᠷᠦᠩᠬᠡᠢ ᠬᠡᠮᠵᠢᠶ᠎ᠡ ᠶᠢ ᠳᠠᠪᠠᠪᠠ᠃ | ᠡᠨᠡ ᠵᠢᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ | ᠳᠤ ᠨᠡᠶᠢᠲᠡᠯᠡᠭᠰᠡᠨ 15 ᠲᠦᠷᠦᠯ ᠤᠨ ᠬᠡᠷᠡᠭᠯᠡᠭᠡᠨ ᠠᠴᠠ ᠭᠠᠷᠭᠠᠵᠤ ᠪᠤᠯᠬᠤ ᠮᠠᠰᠢᠨ ᠲᠥᠬᠦᠭᠡᠷᠦᠮᠵᠢ ᠶᠢᠨ ᠰᠠᠭᠤᠷᠢᠨ ᠳᠡᠭᠡᠷ᠎ᠡ 12 ᠲᠦᠷᠦᠯ ᠢ ᠰᠢᠨ᠎ᠡ | ᠪᠠᠷ ᠨᠡᠮᠡᠭᠳᠡᠭᠦᠯᠵᠦ᠂ ᠶᠡᠷᠦᠩᠬᠡᠢ ᠲᠤᠭ᠎ᠠ ᠶᠢ 27 ᠲᠥᠷᠥᠯ ᠳᠤ ᠬᠦᠷᠭᠡᠭᠰᠡᠨ ᠪᠥᠭᠡᠳ ᠣᠨᠴᠠ ᠵᠠᠷᠢᠮ ᠮᠠᠰᠢᠨ ᠲᠥᠬᠦᠭᠡᠷᠦᠮᠵᠢ ᠶᠢᠨ ᠨᠥᠬᠦᠪᠦᠷᠢ ᠶᠢᠨ | ᠪᠠᠷᠢᠮᠵᠢᠶ᠎ᠠ ᠶᠢ 50% ᠪᠠᠷ ᠳᠡᠭᠡᠭᠰᠢᠯᠡᠭᠦᠯᠪᠡ᠃ ᠮᠠᠨ ᠤ ᠣᠷᠣᠨ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠥᠬᠦᠭᠡᠷᠦᠮᠵᠢ ᠶᠢ ᠡᠭᠡᠭᠦᠯᠦᠨ ᠬᠤᠷᠢᠶᠠᠵᠤ | ᠰᠠᠯᠭᠠᠨ ᠵᠠᠳᠠᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠡᠯ᠎ᠡ ᠭᠠᠵᠠᠷ ᠤᠨ ︽ᠨᠢᠭᠡ ᠪᠠᠯᠭᠠᠰᠤ ᠳᠤ ᠨᠢᠭᠡ ᠥᠷᠲᠡᠭᠡ︾ ᠶᠢᠨ ᠬᠠᠭᠤᠴᠢᠷᠠᠭᠰᠠᠨ | ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠡᠭᠡᠭᠦᠯᠦᠨ ᠬᠤᠷᠢᠶᠠᠬᠤ ᠲᠣᠣᠷ ᠴᠡᠭ ᠪᠠᠶᠢᠭᠤᠯᠬᠤ ᠶᠢ ᠵᠣᠷᠢᠭᠵᠢᠭᠤᠯᠵᠤ᠂ ᠣᠳᠣᠬᠠᠨ ᠪᠤᠯᠲᠠᠯ᠎ᠠ ᠡᠭᠡᠭᠦᠯᠦᠨ | ᠬᠤᠷᠢᠶᠠᠵᠤ ᠰᠠᠯᠭᠠᠨ ᠵᠠᠳᠠᠯᠬᠤ 12 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠦᠭᠡᠳ ᠶᠡᠷᠦᠩᠬᠡᠢ ᠲᠤᠭ᠎ᠠ ᠶᠢ 74 ᠳᠤ ᠬᠦᠷᠭᠡᠵᠦ᠂ ᠠᠶᠢᠮᠠᠭ ᠬᠤᠲᠠ | ᠶᠢᠨ ᠪᠦᠷᠬᠦᠴᠡ ᠶᠢᠨ ᠨᠣᠷᠮ᠎ᠠ ᠶᠢ 100% ᠳᠤ ᠬᠦᠷᠭᠡᠪᠡ᠃ ᠪᠠᠰᠠ ᠨᠥᠬᠦᠪᠦᠷᠢ ᠭᠤᠶᠤᠴᠢᠯᠠᠬᠤ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠨ᠂ ᠮᠠᠰᠢᠨ | ᠲᠥᠬᠦᠭᠡᠷᠦᠮᠵᠢ ᠶᠢ ᠬᠢᠨᠠᠨ ᠰᠢᠯᠭᠠᠬᠤ ᠴᠠᠭ ᠢ ᠤᠤᠯ ᠤᠨ 13 ᠠᠵᠢᠯᠯᠠᠬᠤ ᠡᠳᠦᠷ ᠪᠠᠶᠢᠭᠰᠠᠨ ᠠᠴᠠ 7 ᠠᠵᠢᠯᠯᠠᠬᠤ ᠡᠳᠦᠷ ᠪᠤᠯᠭᠠᠵᠤ᠂ ᠨᠥᠬᠦᠪᠦᠷᠢ | ᠭᠤᠶᠤᠴᠢᠯᠠᠬᠤ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠴᠠᠭ ᠢ 2 ᠠᠵᠢᠯᠯᠠᠬᠤ ᠡᠳᠦᠷ ᠪᠠᠶᠢᠭᠰᠠᠨ ᠠᠴᠠ ᠳᠠᠷᠤᠢ ᠳᠤᠨᠢ ᠭᠦᠢᠴᠡᠳᠬᠡᠬᠦ ᠪᠣᠯᠭᠠᠨ | ᠥᠭᠡᠷᠡᠴᠢᠯᠡᠪᠡ᠃ ᠡᠭᠦᠨ ᠤ ᠬᠠᠮᠲᠤ ᠳ᠋ᠦᠩᠨᠡᠨ ᠪᠤᠳᠤᠬᠤ ᠳᠠᠪᠲᠠᠮᠵᠢ ᠤᠳᠠᠭ᠎ᠠ ᠶᠢ ᠲᠦᠷᠭᠡᠳᠬᠡᠨ᠂ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ | ᠮᠥᠴᠢᠷ ᠭᠤᠶᠤᠴᠢᠯᠠᠯ ᠢ ᠣᠯᠣᠭᠰᠠᠨ ᠤ ᠳᠠᠷᠠᠭ᠎ᠠ 15 ᠠᠵᠢᠯᠯᠠᠬᠤ ᠡᠳᠦᠷ ᠤᠨ ᠳᠣᠲᠣᠷ᠎ᠠ ᠨᠥᠬᠦᠴᠡᠯ ᠳᠤ ᠨᠡᠶᠢᠴᠡᠭᠰᠡᠨ ᠡᠷᠦᠭᠡ ᠳᠤ ᠬᠡᠷᠡᠭᠯᠡᠭᠡᠨ ᠠᠴᠠ | ᠭᠠᠷᠭᠠᠵᠤ ᠰᠢᠨᠡᠳᠬᠡᠬᠦ ᠨᠥᠬᠦᠪᠦᠷᠢ ᠮᠥᠩᠭᠦ ᠶᠢ ᠪᠠᠭᠤᠯᠭᠠᠨ ᠥᠭᠴᠦ ᠪᠠᠶᠢᠨ᠎ᠠ᠃ | ᠮᠠᠨ ᠤ ᠣᠷᠣᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠡᠭᠡᠭᠦᠯᠦᠨ ᠬᠤᠷᠢᠶᠠᠬᠤ᠂ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠬᠢᠨᠠᠨ | ᠰᠢᠯᠭᠠᠬᠤ᠂ ᠬᠡᠷᠡᠭᠯᠡᠭᠡᠨ ᠠᠴᠠ ᠭᠠᠷᠭᠠᠭᠰᠠᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠰᠠᠯᠭᠠᠨ ᠵᠠᠳᠠᠯᠬᠤ᠂ ᠪᠡᠯᠡ ᠮᠥᠩᠭᠦ ᠶᠢ ᠪᠠᠭᠤᠯᠭᠠᠨ ᠥᠭᠬᠦ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠮᠡᠳᠡᠭᠡ ᠵᠠᠩᠭᠢ ᠶᠢ ᠬᠠᠭᠤᠷᠮᠠᠭᠯᠠᠨ ᠵᠣᠬᠢᠶᠠᠬᠤ᠂ ᠪᠠᠭ᠎ᠠ ᠪᠠᠷ ᠶᠡᠭᠡ ᠶᠢ ᠣᠷᠣᠯᠠᠭᠤᠯᠵᠤ ᠬᠡᠷᠡᠭᠯᠡᠭᠡᠨ | ᠠᠴᠠ ᠭᠠᠷᠭᠠᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ᠃ |