ᠪᠤᠷᠴᠠ ᠶᠢᠨ ᠠᠵᠤ ᠦᠢᠯᠡᠰ ᠤᠨ ︽ᠰᠢᠨ᠎ᠡ ᠬᠤᠪᠢᠰᠬᠠᠯ︾ ᠠᠶᠢᠰᠤᠢ
ᠨᠡᠶᠢᠲᠡᠯᠡᠭᠰᠡᠨ ᠴᠠᠭ᠄
2025/5/6
     ᠪᠦᠷᠢᠨ ᠠᠦ᠋ᠲ᠋ᠣ᠋ ᠰᠢᠰᠲ᠋ᠧᠮ ᠢᠶᠠᠷ ᠪᠠᠶᠢᠭᠠᠯᠢ ᠶᠢᠨ ᠰᠠᠯᠬᠢᠨ ᠳᠤ ᠠᠶᠠᠨᠳᠠᠭᠠᠨ ᠬᠠᠳᠠᠭᠠᠳᠠᠭ ᠢ ᠣᠷᠣᠯᠠᠭᠤᠯᠵᠤ ᠣᠶᠤᠨᠴᠢᠯᠠᠭᠰᠠᠨ ᠦᠢᠯᠡᠳᠪᠦᠷᠢᠯᠡᠯ ᠤᠨ ᠱᠤᠭᠤᠮ ᠪᠣᠯᠭᠠᠨ ᠳᠡᠰ ᠳᠡᠪᠰᠢᠭᠦᠯᠦᠯ᠎ᠡ     ᠥᠷᠭᠡᠨ ᠠᠭᠤᠳᠠᠮ ᠬᠤᠷᠴᠢᠨ ᠤ ᠲᠠᠯ᠎ᠠ ᠨᠤᠲᠤᠭ ᠲᠤ᠂ ᠦᠬᠡᠷ ᠤᠨ ᠮᠢᠬᠠᠨ ᠤ ᠪᠤᠷᠴᠠ ᠶᠢᠨ ᠠᠵᠤ ᠦᠢᠯᠡᠰ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ︾ ᠶᠠᠭ ᠰᠠᠶᠢᠬᠠᠨ ᠶᠠᠪᠤᠭᠳᠠᠵᠤ᠂ ᠤᠯᠠᠮᠵᠢᠯᠠᠯᠲᠤ ᠠᠵᠤ ᠦᠢᠯᠡᠰ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠰᠢᠨ᠎ᠡ ᠠᠶᠠᠨ ᠳᠤ ᠮᠣᠷᠳᠠᠬᠤ ᠶᠢ ᠬᠥᠲᠥᠯᠥᠨ ᠳᠠᠭᠠᠭᠤᠯᠵᠤ ᠡᠬᠢᠯᠡᠯ᠎ᠡ᠃     ᠡᠮᠦᠨᠡᠬᠡᠨ ᠥᠪᠥᠷ ᠮᠣᠩᠭᠤᠯ ᠤᠨ ᠮᠧᠩ ᡁᠢ ᠨᠢᠦ ᠢᠳᠡᠭᠡᠨ ᠤ ᠵᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠣᠶᠤᠨᠴᠢᠯᠠᠭᠰᠠᠨ ᠦᠢᠯᠡᠳᠪᠦᠷᠢᠯᠡᠯ ᠤᠨ ᠲᠠᠰᠤᠭ ᠲᠤ᠂ ᠰᠠᠯᠬᠢ ᠪᠠᠷ ᠬᠠᠳᠠᠭᠠᠬᠤ ᠪᠦᠷᠢᠨ ᠠᠦ᠋ᠲ᠋ᠣ᠋ ᠰᠢᠰᠲ᠋ᠧᠮ ᠨᠢ ᠲᠠᠯ᠎ᠠ ᠨᠤᠲᠤᠭ ᠤᠨ ᠠᠭᠤᠷ ᠠᠮᠢᠰᠬᠤᠯ ᠢ ᠳᠠᠭᠤᠷᠢᠶᠠᠵᠤ᠂ ᠦᠬᠡᠷ ᠤᠨ ᠮᠢᠬᠠᠨ ᠤ ᠤᠰᠤ ᠦᠭᠡᠶᠢᠳᠡᠭᠦᠯᠬᠦ ᠬᠤᠷᠳᠤᠴᠠ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠵᠦ ᠪᠠᠶᠢᠪᠠ᠃ ︽ᠪᠢᠳᠡ 1200 ᠲᠦᠮᠡᠨ ᠲᠥᠭᠦᠷᠢᠭ ᠤᠨ ᠪᠡᠯᠡ ᠣᠷᠣᠭᠤᠯᠵᠤ ᠣᠶᠤᠨᠴᠢᠯᠠᠭᠰᠠᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠠᠮᠵᠢᠯᠠᠯᠲᠤ ᠭᠠᠷ ᠦᠢᠯᠡᠳᠪᠦᠷᠢ ᠶᠢ ᠣᠷᠣᠯᠠᠭᠤᠯᠬᠤ ᠪᠠᠷ ᠲᠥᠯᠥᠪᠯᠡᠵᠦ ᠪᠤᠢ︾ ᠭᠡᠵᠦ ᠺᠤᠮᠫᠠᠨᠢ ᠶᠢᠨ ᠰᠤᠳᠤᠯᠤᠨ ᠨᠡᠭᠡᠭᠡᠬᠦ ᠶᠡᠷᠦᠩᠬᠡᠢ ᠬᠢᠨᠠᠭᠴᠢ ᠬᠤᠸᠠᠩ ᠬᠤᠸᠠᠨ ᠲᠠᠨᠢᠯᠴᠠᠭᠤᠯᠤᠨ᠎ᠠ᠃ ᠡᠵᠡᠮᠰᠢᠯᠲᠦ ᠳᠡᠯᠭᠡᠴᠡ ᠳᠡᠭᠡᠷ᠎ᠡ᠂ ᠠᠦ᠋ᠲ᠋ᠣ᠋ ᠰᠢᠰᠲ᠋ᠧᠮ ᠤᠨ ᠳᠣᠲᠣᠷᠠᠬᠢ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠡᠳ᠋ᠰᠢᠭᠦᠯᠬᠦ ᠴᠠᠭ ᠵᠡᠷᠭᠡ ᠢᠯᠡᠷᠡᠵᠦ ᠪᠠᠶᠢᠪᠠ᠃ ᠲᠣᠰ ᠰᠢᠰᠲ᠋ᠧᠮ ᠨᠢ 24 ᠴᠠᠭ ᠢᠶᠠᠷ ᠪᠠᠶᠢᠭᠠᠯᠢ ᠶᠢᠨ ᠰᠠᠯᠬᠢᠨ ᠳᠤ ᠬᠠᠳᠠᠭᠠᠬᠤ ᠤᠯᠠᠮᠵᠢᠯᠠᠯᠲᠤ ᠶᠠᠪᠤᠴᠠ ᠶᠢ 16 ᠴᠠᠭ ᠪᠣᠯᠭᠠᠨ ᠪᠣᠭᠤᠨᠢᠰᠬᠠᠭᠰᠠᠨ ᠤ ᠬᠠᠮᠲᠤ ᠦᠬᠡᠷ ᠤᠨ ᠮᠢᠬᠠᠨ ᠤ ᠪᠤᠷᠴᠠ ᠶᠢᠨ ᠠᠩᠬᠠᠨ ᠤ ᠦᠨᠦᠷ ᠠᠮᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠳᠠᠭᠠᠯᠠᠵᠤ ᠴᠢᠳᠠᠭᠰᠠᠨ ᠪᠠᠶᠢᠨ᠎ᠠ᠃     ᠦᠢᠯᠡᠳᠪᠦᠷᠢ ᠶᠢᠨ ᠲᠠᠰᠤᠭ ᠲᠤ᠂ ᠮᠠᠰᠢᠨ ᠭᠠᠷ ᠨᠢᠭᠡᠨᠲᠡ ᠡᠳ᠋ᠰᠢᠭᠦᠯᠦᠭᠰᠡᠨ ᠥᠩᠭᠡ ᠠᠮᠲᠠ ᠪᠦᠷᠢᠳᠦᠭᠰᠡᠨ ᠦᠬᠡᠷ ᠤᠨ ᠮᠢᠬᠠᠨ ᠤ ᠪᠤᠷᠴᠠ ᠶᠢ ᠨᠠᠷᠢᠯᠢᠭ ᠰᠠᠶᠢᠬᠠᠨ ᠦᠨᠳᠦᠰᠦᠲᠡᠨ ᠤ ᠬᠡ ᠤᠭᠠᠯᠵᠠ ᠲᠠᠢ ᠪᠣᠭᠤᠳᠠᠯ ᠳᠤ ᠤᠭᠤᠲᠠᠯᠠᠵᠤ ᠪᠠᠶᠢᠪᠠ᠃ ᠲᠤᠷᠰᠢᠯᠲᠠ ᠶᠢᠨ ᠲᠠᠰᠤᠭ ᠲᠤ᠂ ᠰᠤᠳᠤᠯᠤᠨ ᠨᠡᠭᠡᠭᠡᠬᠦ ᠠᠵᠢᠯᠲᠠᠳ ᠶᠠᠭ ᠰᠢᠨ᠎ᠡ ᠪᠦᠲᠦᠭᠡᠭᠳᠡᠬᠦᠨ ᠳᠤ ᠬᠢᠨᠠᠨ ᠬᠡᠮᠵᠢᠯᠲᠡ ᠬᠢᠵᠦ ᠶᠠᠭᠠᠷᠠᠨ᠎ᠠ᠃ ︽ᠦᠢᠯᠡᠳᠪᠦᠷᠢᠯᠡᠯ ᠤᠨ ᠪᠦᠭᠦ ᠶᠠᠪᠤᠴᠠ ᠶᠢ ᠴᠥᠮ ᠣᠶᠤᠨᠴᠢ ᠰᠢᠰᠲ᠋ᠧᠮ ᠢᠶᠠᠷ ᠣᠨᠣᠪᠴᠢᠲᠠᠢ ᠡᠵᠡᠮᠳᠡᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠥᠩᠭᠡᠷᠡᠭᠰᠡᠨ ᠤ ᠬᠢ ᠠᠴᠠ 10% ᠰᠢᠬᠠᠮ ᠢᠶᠠᠷ ᠳᠡᠭᠡᠭᠰᠢᠯᠡᠭᠦᠯᠵᠡᠢ︾ ᠭᠡᠵᠦ ᠺᠤᠮᠫᠠᠨᠢ ᠶᠢᠨ ᠵᠠᠰᠠᠭ ᠵᠠᠬᠢᠷᠭᠠᠨ ᠤ ᠳᠡᠳ᠋ ᠶᠡᠷᠦᠩᠬᠡᠢ ᠳᠠᠭᠠᠭᠠᠮᠠᠯ ᠠᠨ ᠹᠧᠩ ᠶᠢᠩ ᠬᠡᠯᠡᠪᠡ᠃ ᠲᠤᠰ ᠺᠤᠮᠫᠠᠨᠢ ᠨᠢ ᠭᠠᠳᠠᠭᠠᠳᠤ ᠠᠴᠠ ᠪᠤᠴᠠᠵᠤ ᠢᠷᠡᠭᠰᠡᠨ ᠴᠢᠳᠠᠪᠤᠷᠢᠲᠠᠨ ᠬᠤᠸᠠᠩ ᠬᠤᠸᠠᠨ ᠵᠡᠷᠭᠡ 10 ᠭᠠᠷᠤᠢ ᠬᠥᠮᠥᠨ ᠤ ᠰᠤᠳᠤᠯᠤᠨ ᠨᠡᠭᠡᠭᠡᠬᠦ ᠪᠦᠯᠭᠦᠮ ᠢ ᠵᠣᠬᠢᠶᠠᠨ ᠪᠠᠶᠢᠭᠤᠯᠵᠤ᠂ ᠨᠢᠭᠡᠨᠲᠡ ᠮᠠᠰᠢ ᠤᠯᠠᠨ ᠮᠡᠷᠭᠡᠵᠢᠯ ᠤᠨ ᠪᠣᠭᠤᠮᠢ ᠶᠢ ᠰᠢᠪᠲᠤᠯᠤᠨ᠂ 4 ᠵᠦᠢᠯ ᠤᠨ ᠲᠤᠰᠬᠠᠢ ᠠᠰᠢᠭ ᠤᠨ ᠮᠡᠷᠭᠡᠵᠢᠯ ᠢ ᠡᠭᠦᠳᠴᠦ᠂ ᠠᠵᠤ ᠠᠬᠤᠶᠢᠯᠠᠯ ᠤᠨ ᠪᠦᠭᠦ ᠵᠢᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ 200 ᠭᠠᠷᠤᠢ ᠲᠦᠮᠡᠨ ᠲᠥᠭᠦᠷᠢᠭ ᠲᠤ ᠭᠦᠷᠦᠭᠰᠡᠨ ᠪᠠᠶᠢᠨ᠎ᠠ᠃     ᠲᠠᠯ᠎ᠠ ᠨᠤᠲᠤᠭ ᠲᠤ ᠥᠷᠯᠥᠭᠡ ᠶᠢᠨ ᠮᠠᠨᠠᠨ ᠬᠠᠷᠠᠬᠠᠨ ᠠᠷᠢᠯᠤᠭᠠᠳᠤᠢ ᠪᠠᠶᠢᠬᠤ ᠳᠤ᠂ ᠮᠧᠩ ᡁᠢ ᠨᠢᠦ ᠰᠢᠭᠤᠳ ᠨᠡᠪᠲᠡᠷᠡᠭᠦᠯᠭᠡ ᠶᠢᠨ ᠲᠠᠰᠤᠬ ᠤᠨ  ᠬᠢᠨ ᠨᠢᠭᠡᠨᠲᠡ ᠭᠦᠷ ᠬᠥᠭᠵᠢᠶᠡᠨ ᠲᠠᠢ ᠠᠵᠢᠯᠯᠠᠵᠤ ᠡᠬᠢᠯᠡᠵᠡᠢ᠃ ︽ᠦᠬᠡᠷ ᠤᠨ ᠮᠢᠬᠠᠨ ᠤ ᠪᠤᠷᠴᠠ ᠶᠢ ᠲᠠᠯ᠎ᠠ ᠨᠤᠲᠤᠭ ᠤᠨ ︿ᠴᠡᠷᠢᠭ ᠤᠨ ᠠᠮᠤ ᠬᠦᠨᠡᠰᠦ﹀ ᠬᠡᠮᠡᠭᠳᠡᠳᠡᠭ᠂ ᠪᠢᠳᠡ ᠦᠬᠡᠷ ᠤᠨ ᠮᠢᠬᠠᠨ ᠤ ᠪᠤᠷᠴᠠ ᠶᠢ ᠡᠳ᠋ᠰᠢᠭᠦᠯᠬᠦ ᠳᠡᠭᠡᠨ ᠲᠠᠯ᠎ᠠ ᠨᠤᠲᠤᠭ ᠤᠨ ᠤᠯᠠᠭᠠᠨ ᠦᠬᠡᠷ ᠤᠨ ᠭᠤᠶ᠎ᠠ ᠶᠢᠨ ᠬᠡᠰᠡᠭ ᠤᠨ ᠮᠢᠬ᠎ᠠ  ᠶᠢ ᠰᠣᠩᠭᠤᠭᠰᠠᠨ ᠶᠤᠮ ᠁︾ ᠭᠡᠵᠦ ᠰᠦᠯᠵᠢᠶᠡᠨ ᠨᠡᠪᠲᠡᠷᠡᠭᠦᠯᠦᠭᠴᠢ ᠤᠷᠮᠠᠲᠠᠢ ᠲᠠᠨᠢᠯᠴᠠᠭᠤᠯᠤᠨ᠎ᠠ᠃ ᠣᠳᠣᠬᠠᠨ ᠳᠤ᠂ ᠲᠣᠰ ᠰᠢᠭᠤᠳ ᠨᠡᠪᠲᠡᠷᠡᠭᠦᠯᠭᠡ ᠶᠢᠨ ᠲᠠᠰᠤᠭ ᠤᠨ ᠡᠳᠦᠷ ᠤᠨ ᠪᠣᠷᠤᠯᠠᠭᠤᠯᠭ᠎ᠠ ᠶᠢᠨ ᠬᠡᠮᠵᠢᠶ᠎ᠡ 8000 ᠣᠷᠴᠢᠮ ᠬᠤᠪᠢ ᠳᠤ ᠬᠦᠷᠴᠦ᠂ 80 ᠲᠦᠮᠡᠨ ᠲᠥᠭᠦᠷᠢᠭ ᠤᠨ ᠠᠰᠢᠭ ᠤᠷᠤᠯᠭ᠎ᠠ ᠡᠭᠦᠳᠴᠦ ᠪᠤᠢ᠃     ︽ᠮᠠᠨ ᠤ ᠦᠢᠯᠡᠳᠬᠦᠨ ᠱᠠᠩᠬᠠᠢ ᠶᠢᠨ ᠬᠤᠤ ᠲᠧ ᠮᠠᠢ ᠬᠤᠳᠠᠯᠳᠤᠭᠠᠨ ᠤ ᠬᠠᠮ ᠳᠡᠯᠭᠡᠭᠦᠷ ᠲᠤ ᠠᠮᠵᠢᠯᠲᠠ ᠲᠠᠢ ᠪᠠᠷ ᠣᠷᠣᠵᠤ᠂ ᠪᠠᠰᠠ ᠰᠢᠶᠠᠩᠭᠠᠩ ᠳᠤ ᠪᠣᠷᠣᠯᠠᠭᠤᠯᠤᠭᠳᠠᠵᠤ ᠪᠤᠢ︾ ᠭᠡᠵᠦ ᠠᠨ ᠹᠧᠩ ᠶᠢᠩ ᠲᠠᠨᠢᠯᠴᠠᠭᠤᠯᠤᠨ᠎ᠠ᠃ ᠳᠡᠳᠡ ᠪᠠᠰᠠ ᠡᠷᠡᠭᠦᠯ ᠮᠡᠨᠳᠦ ᠶᠢᠨ ᠬᠡᠷᠡᠭᠯᠡᠭᠡᠨ ᠤ ᠬᠦᠷᠢᠶ᠎ᠡ ᠴᠠᠷᠠᠭ᠎ᠠ ᠶᠢ ᠣᠨᠢᠯᠠᠵᠤ᠂ ᠲᠠᠷᠠᠭᠠᠴᠢ ᠶᠢᠨ ᠠᠯᠬᠤᠮ ᠳᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠲᠠᠢ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠬᠠᠮᠲᠤᠷᠠᠯᠴᠠᠭ᠎ᠠ ᠥᠷᠨᠢᠭᠦᠯᠬᠦ ᠪᠠᠷ ᠲᠥᠯᠥᠪᠯᠡᠵᠦ ᠪᠤᠢ᠃     6 ᠶᠡᠭᠡ ᠰᠢᠷᠢᠰ᠂ 100 ᠭᠠᠷᠤᠢ ᠵᠦᠢᠯ ᠤᠨ ᠦᠢᠯᠡᠳᠬᠦᠨ ᠤ ᠵᠢᠯ ᠤᠨ ᠡᠳ᠋ᠰᠢᠭᠦᠯᠬᠦ ᠦᠬᠡᠷ ᠤᠨ ᠮᠢᠬᠠᠨ ᠤ ᠪᠦᠲᠦᠭᠡᠭᠳᠡᠬᠦᠨ ᠮᠢᠩᠭᠠᠨ ᠲᠣᠨ ᠢ ᠳᠠᠪᠠᠵᠤ᠂ ᠵᠢᠯ ᠤᠨ ᠦᠢᠯᠡᠳᠪᠦᠷᠢᠯᠡᠯ ᠤᠨ ᠬᠡᠪᠴᠢᠶ᠎ᠡ ᠨᠢ 4 ᠳ᠋ᠦᠩᠰᠢᠭᠤᠷ ᠲᠥᠭᠦᠷᠢᠭ ᠲᠤ ᠬᠦᠷᠴᠦ᠂ ᠮᠧᠩ ᡁᠢ ᠨᠢᠦ ᠺᠤᠮᠫᠠᠨᠢ ᠨᠢ ᠣᠲᠣ ᠶᠠᠭ ᠤᠯᠤᠰ ᠤᠨ ᠳᠣᠲᠣᠭᠠᠳᠤ ᠶᠢᠨ ᠪᠤᠯᠭᠤᠬᠰᠠᠨ ᠦᠬᠡᠷ ᠤᠨ ᠮᠢᠬᠠᠨ ᠤ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠲᠣᠯᠣᠭᠠᠶᠢᠯᠠᠭᠴᠢ ᠠᠵᠤ ᠠᠬᠤᠶᠢᠯᠠᠯ ᠤᠨ ᠬᠠᠷᠠᠯᠲᠠ ᠵᠦᠭ ᠤᠷᠤᠭᠰᠢᠯᠠᠵᠤ ᠪᠠᠶᠢᠨ᠎ᠠ᠃    ᠲᠦᠩᠯᠢᠶᠣᠣ ᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠢᠦᠢ ᠬᠤᠩ ᠲᠤᠤ᠄ ︽ᠮᠧᠩ ᡁᠢ ᠨᠢᠦ ᠮᠡᠲᠦ ᠶᠢᠨ ᠳᠠᠭᠠᠭᠤᠯᠤᠭᠴᠢ ᠠᠵᠤ ᠠᠬᠤᠶᠢᠯᠠᠯ ᠨᠢ ᠮᠠᠨ ᠤ ︿ᠪᠦᠭᠦ ᠤᠯᠤᠰ ᠤᠨ ᠮᠢᠬᠠᠨ ᠤ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠪᠠᠯᠭᠠᠰᠤ﹀ ᠶᠢ ᠡᠭᠦᠳᠦᠨ ᠪᠠᠶᠢᠭᠤᠯᠬᠤ ᠰᠢᠨ᠎ᠡ ᠬᠦᠴᠦᠨ ᠪᠤᠯᠬᠤ ᠶᠤᠮ︾ ᠭᠡᠵᠦ ᠬᠡᠯᠡᠵᠦ ᠪᠠᠶᠢᠯ᠎ᠠ᠃ ᠲᠤᠰ ᠲᠣᠭᠤᠷᠢᠭ ᠨᠢ ᠶᠠᠭ ᠬᠤᠷᠴᠢᠨ ᠤ ᠣᠨᠴᠠᠯᠢᠭᠲᠤ ᠢᠳᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠢ ᠪᠠᠶᠢᠭᠤᠯᠬᠤ ᠪᠠᠷ ᠲᠥᠯᠥᠪᠯᠡᠵᠦ᠂ ᠮᠧᠩ ᡁᠢ ᠨᠢᠦ ᠵᠡᠷᠭᠡ ᠠᠵᠤ ᠠᠬᠤᠶᠢᠯᠠᠯ ᠢ ᠴᠤᠭᠯᠠᠷᠠᠭᠤᠯᠤᠨ ᠮᠢᠬᠠᠨ ᠤ ᠦᠬᠡᠷ ᠤᠨ ᠪᠦᠭᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠪᠠᠷ ᠴᠢᠷᠮᠠᠶᠢᠵᠤ ᠪᠤᠢ᠃     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠬᠤᠯᠢᠰᠢᠨ ᠢᠳᠡᠭᠡᠨ ᠡᠳ᠋ᠰᠢᠭᠦᠯᠬᠦ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭ᠎ᠠ ᠶᠢᠨ ᠲᠥᠰᠥᠯ ︵2025 ︱2027 ᠣᠨ︶︾ ᠳᠤ᠂ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠬᠡᠷ ᠬᠤᠨᠢᠨ ᠤ ᠮᠢᠬᠠᠨ ᠤ ᠪᠦᠲᠦᠭᠡᠭᠳᠡᠬᠦᠨ ᠵᠡᠷᠭᠡ 10 ᠲᠥᠷᠥᠯ ᠵᠦᠢᠯ ᠳᠤ ᠭᠤᠣᠯᠳᠠᠯᠭ᠎ᠠ ᠲᠠᠢ ᠰᠢᠪᠲᠤᠯᠤᠯᠲᠠ ᠬᠢᠨ᠎ᠡ ᠭᠡᠵᠦ ᠳᠤᠷᠠᠳᠤᠨ ᠭᠠᠷᠭᠠᠪᠠ᠃ ᠲᠦᠩᠯᠢᠶᠣᠣ ᠬᠤᠲᠠ ᠨᠢ ᠦᠬᠡᠷ ᠬᠤᠨᠢᠨ ᠤ ᠮᠢᠬᠠᠨ ᠤ ᠪᠦᠲᠦᠭᠡᠭᠳᠡᠬᠦᠨ ᠤ ᠭᠤᠣᠯᠳᠠᠯᠭ᠎ᠠ ᠲᠠᠢ ᠠᠶᠢᠮᠠᠭ ᠬᠤᠲᠠ ᠳᠤ ᠵᠢᠭᠰᠠᠭᠠᠭᠳᠠᠨ ᠣᠷᠣᠵᠤ᠂ ᠦᠬᠡᠷ ᠬᠤᠨᠢᠨ ᠤ ᠮᠢᠬ᠎ᠠ ᠶᠢ ᠨᠠᠷᠢᠯᠢᠭ ᠬᠡᠰᠡᠭᠯᠡᠨ ᠬᠤᠪᠢᠶᠠᠭᠰᠠᠨ ᠪᠦᠲᠦᠭᠡᠭᠳᠡᠬᠦᠨ ᠪᠠ ᠵᠢᠶᠠᠩᠯᠠᠬᠤ ᠰᠢᠭᠦᠰᠦᠯᠡᠬᠦ ᠤᠲᠤᠬᠤ ᠰᠢᠷᠠᠬᠤ ᠵᠡᠷᠭᠡ ᠪᠤᠯᠭᠤᠬᠰᠠᠨ ᠢᠳᠡᠭᠡᠨ ᠤ ᠪᠦᠲᠦᠭᠡᠭᠳᠡᠬᠦᠨ ᠢ ᠭᠤᠣᠯᠳᠠᠯᠭ᠎ᠠ ᠲᠠᠢ ᠬᠥᠭᠵᠢᠭᠦᠯᠬᠦ ᠪᠣᠯᠣᠨ᠎ᠠ᠃ ᠡᠶᠢᠨ ᠬᠦ ᠲᠣᠰ ᠬᠤᠲᠠ ᠶᠢᠨ ᠬᠢᠨ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠣᠨᠴᠠᠯᠢᠭᠲᠤ ᠡᠳ᠋ᠰᠢᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠤᠨ᠂ ᠨᠠᠷᠢᠯᠢᠭ ᠡᠳ᠋ᠰᠢᠭᠦᠯᠬᠦ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠂ ᠦᠬᠡᠷ ᠤᠨ ᠮᠢᠬᠠᠨ ᠤ ᠪᠤᠷᠴᠠ ᠵᠡᠷᠭᠡ 10 ᠠᠴᠠ ᠳᠡᠭᠡᠭᠰᠢ ᠦᠢᠯᠡᠳᠬᠦᠨ ᠤ ᠥᠷᠲᠡᠭ ᠨᠢ ᠮᠢᠩᠭᠠᠨ ᠲᠦᠮᠡᠨ ᠲᠥᠭᠦᠷᠢᠭ ᠢ ᠳᠠᠪᠠᠭᠰᠠᠨ ᠦᠬᠡᠷ ᠤᠨ ᠮᠢᠬᠠᠨ ᠤ ᠲᠠᠩ ᠪᠦᠲᠦᠭᠡᠭᠳᠡᠬᠦᠨ ᠢ ᠪᠣᠶᠢᠵᠢᠭᠤᠯᠬᠤ ᠪᠠᠷ ᠲᠥᠯᠥᠪᠵᠢᠭᠦᠯᠵᠦ ᠪᠠᠶᠢᠨ᠎ᠠ᠃     ︽ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠮᠠᠨ ᠤ ᠠᠵᠤ ᠠᠬᠤᠶᠢᠯᠠᠯ ᠤᠨ ᠢᠲᠡᠭᠡᠯ ᠵᠣᠷᠢᠭ ᠢ ᠤᠯᠠᠮ ᠬᠥᠪᠴᠢᠯᠡᠯ᠎ᠡ᠂ ᠪᠢᠳᠡ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠨᠲᠡ ᠡᠬᠢᠯᠡᠨ ᠬᠡᠷᠡᠭᠵᠢᠭᠦᠯᠵᠦ᠂ ᠠᠰᠢᠭᠯᠠᠯᠲᠠ ᠳᠤ ᠣᠷᠣᠭᠰᠠᠨ ᠤ ᠳᠠᠷᠠᠭ᠎ᠠ 6 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠨᠡᠮᠡᠭᠳᠡᠭᠦᠯᠬᠦ ᠪᠠᠷ ᠵᠢᠱᠢᠵᠦ ᠪᠤᠢ︾ ᠭᠡᠵᠦ ᠠᠨ ᠹᠧᠩ ᠶᠢᠩ ᠢᠲᠡᠭᠡᠯ ᠳᠦᠭᠦᠷᠡᠩ ᠶᠠᠷᠢᠵᠤ ᠪᠠᠶᠢᠯ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ