ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠨᠠᠰᠤᠲᠠᠶᠢᠴᠤᠳ ᠤᠨ ᠭᠡᠷ ᠪᠦᠯᠢ ᠶᠢᠨ | ᠠᠮᠢᠳᠤᠷᠠᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠬᠡᠷᠡᠭᠯᠡᠭᠡ ᠶᠢ ᠳᠠᠶᠢᠴᠢᠯᠠᠬᠤ | ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠵᠡᠷᠭᠡ 6 ᠰᠠᠯᠠᠭ᠎ᠠ ᠮᠥᠴᠢᠷ ᠬᠠᠮᠲᠤᠷᠠᠨ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠷ ᠤᠨ ᠴᠢᠮᠡᠭᠯᠡᠯ ᠲᠣᠭᠤᠭᠠᠨ ᠭᠡᠷ ᠤᠭᠢᠶᠠᠯᠠᠭᠠ ᠴᠡᠪᠡᠷᠯᠡᠭᠡ ᠶᠢᠨ ᠡᠳ᠋ᠯᠡᠯ ᠬᠡᠷᠡᠭᠰᠡᠯ ᠢ ︿ᠰᠢᠨᠡᠳᠬᠡᠬᠦ﹀ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ᠢ | ᠳᠠᠷᠤᠮᠠᠯᠯᠠᠨ ᠲᠠᠷᠬᠠᠭᠠᠵᠤ᠂ ᠨᠥᠬᠦᠪᠦᠷᠢ ᠶᠢᠨ ᠪᠠᠷᠢᠮᠵᠢᠶ᠎ᠠ᠂ ᠬᠡᠪᠴᠢᠶ᠎ᠡ ᠵᠢᠴᠢ ᠠᠷᠭ᠎ᠠ ᠮᠠᠶ᠋ᠢᠭ ᠢ ᠲᠣᠳᠣᠷᠬᠠᠶᠢᠯᠠᠨ᠂ ᠨᠠᠰᠤᠲᠠᠶᠢᠴᠤᠳ ᠲᠤ ᠦᠨᠡᠨ ᠪᠣᠳᠠᠲᠠᠢ | ᠠᠰᠠᠷᠠᠮᠵᠢ ᠬᠦᠷᠲᠡᠭᠡᠬᠦ ᠪᠠᠷ ᠪᠠᠶᠢᠨ᠎ᠠ᠃ | ᠨᠥᠬᠦᠪᠦᠷᠢ ᠣᠯᠭᠤᠬᠤ ᠡᠲᠡᠭᠡᠳ ᠪᠠ ᠪᠠᠷᠢᠮᠵᠢᠶ᠎ᠠ ᠶᠢᠨ ᠲᠠᠯ᠎ᠠ ᠪᠠᠷ᠂ 2025 ᠣᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠭᠦ | ᠬᠤᠭᠤᠴᠠᠭᠠᠨ ᠳᠤ ᠥᠪᠥᠷ ᠮᠣᠩᠭᠤᠯ ᠳᠤ ᠪᠠᠶᠢᠩᠭᠤ ᠰᠠᠭᠤᠭ᠎ᠠ ᠪᠥᠭᠡᠳ ᠪᠦᠬᠦᠯᠢ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠴᠥᠮ | ᠲᠤᠰ ᠨᠥᠬᠦᠪᠦᠷᠢ ᠶᠢ ᠬᠦᠷᠲᠡᠵᠦ ᠪᠣᠯᠣᠨ᠎ᠠ᠃ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠳᠤ ᠲᠣᠬᠢᠷᠠᠬᠤᠶᠢᠴᠠ ᠦᠢᠯᠡᠳᠬᠦᠨ ᠤ ᠪᠣᠳᠠᠲᠠᠢ | ᠠᠷᠠᠯᠵᠢᠶᠠᠯᠠᠭᠰᠠᠨ ᠦᠨ᠎ᠡ ᠶᠢᠨ 30% ᠪᠠᠷ ᠨᠥᠬᠦᠪᠦᠷᠢ ᠥᠭᠭᠦᠨ᠎ᠡ᠃ | ᠨᠥᠬᠦᠪᠦᠷᠢ ᠥᠭᠬᠦ ᠬᠡᠪᠴᠢᠶ᠎ᠡ ᠶᠢ ᠴᠦ ᠲᠣᠳᠣᠷᠬᠠᠢ ᠵᠠᠭᠠᠭᠯᠠᠨ ᠲᠣᠭᠲᠠᠭᠠᠪᠠ᠃ ᠱᠠᠯᠠ ᠪᠠ ᠡᠭᠦᠳᠡ ᠶᠢ ᠥᠭᠡᠷᠡᠴᠢᠯᠡᠨ ᠵᠠᠰᠠᠬᠤ᠂ ᠤᠨᠲᠠᠯᠭ᠎ᠠ ᠶᠢᠨ | ᠥᠷᠥᠭᠡ ᠶᠢ ᠥᠭᠡᠷᠡᠴᠢᠯᠡᠨ ᠵᠠᠰᠠᠬᠤ᠂ ᠤᠬᠢᠶᠠᠯᠭ᠎ᠠ ᠴᠡᠪᠡᠷᠯᠡᠭᠡ ᠶᠢᠨ ᠲᠥᠬᠦᠭᠡᠷᠦᠮᠵᠢ ᠶᠢ ᠥᠭᠡᠷᠡᠴᠢᠯᠡᠨ ᠰᠢᠨᠡᠳᠬᠡᠬᠦ᠂ ᠲᠣᠭᠤᠭᠠᠨ ᠭᠡᠷ ᠤᠨ | ᠲᠥᠬᠦᠭᠡᠷᠦᠮᠵᠢ ᠶᠢ ᠥᠭᠡᠷᠡᠴᠢᠯᠡᠨ ᠰᠢᠨᠡᠳᠬᠡᠬᠦ᠂ ᠹᠢᠽᠢᠺ ᠤᠨ ᠣᠷᠴᠢᠨ ᠲᠣᠭᠤᠷᠢᠨ ᠢ ᠥᠭᠡᠷᠡᠴᠢᠯᠡᠨ ᠵᠠᠰᠠᠬᠤ᠂ ᠣᠶᠤᠨᠴᠢ ᠲᠤᠰᠠᠯᠠᠬᠤ ᠦᠢᠯᠡᠳᠬᠦᠨ ᠵᠡᠷᠭᠡ | ᠵᠢᠷᠭᠤᠭᠠᠨ ᠶᠡᠭᠡ ᠲᠥᠷᠥᠯ ᠤᠨ 25 ᠵᠦᠢᠯ ᠤᠨ ᠲᠠᠸᠠᠷ ᠢ ᠬᠠᠮᠤᠷᠴᠠᠢ᠃ ᠬᠡᠷᠡᠭᠯᠡᠭᠴᠢᠳ ︽ᠥᠪᠥᠷ ᠮᠣᠩᠭᠤᠯ ᠤᠨ ᠠᠷᠠᠳ ᠤᠨ ᠶᠠᠪᠤᠳᠠᠯ︾ ᠤᠨ ᠵᠢᠷᠭᠢᠶ᠎ᠡ | ᠶᠢᠨ ᠣᠯᠠᠨ ᠨᠡᠶᠢᠲᠡ ᠶᠢᠨ ᠲᠠᠪᠴᠠᠩ ᠢᠶᠠᠷ ᠦᠢᠯᠡᠳᠬᠦᠨ ᠤ ᠨᠠᠷᠢᠨ ᠲᠠᠩᠰᠠ ᠶᠢ ᠲᠣᠳᠣᠷᠬᠠᠢ ᠣᠶᠢᠯᠠᠭᠠᠵᠤ ᠪᠣᠯᠣᠨ᠎ᠠ᠃ | ᠨᠥᠬᠦᠪᠦᠷᠢ ᠭᠤᠶᠤᠴᠢᠯᠠᠬᠤ ᠶᠠᠪᠤᠴᠠ ᠨᠢ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ᠃ ᠬᠡᠷᠡᠭᠯᠡᠭᠴᠢᠳ ᠵᠥᠪᠭᠡᠨ ᠳᠤᠮᠳᠠᠳᠤ ᠤᠯᠤᠰ ᠤᠨ | ᠪᠠᠩᠬᠢ ᠶᠢᠨ ᠬᠤᠯᠪᠤᠭ᠎ᠠ ᠶᠢᠨ ︽ᠶᠦᠨ ᠱᠠᠨ ᠹᠦ᠋︾ APP ᠪᠠᠷ ᠳᠡᠮᠵᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠴᠢᠮᠡᠭᠯᠡᠯ | ᠲᠣᠭᠤᠭᠠᠨ ᠭᠡᠷ ᠤᠭᠢᠶᠠᠯᠠᠭᠠ ᠴᠡᠪᠡᠷᠯᠡᠭᠡ ᠶᠢᠨ ᠬᠡᠷᠡᠭᠰᠡᠯ ᠢᠶᠠᠨ ᠰᠢᠨ᠎ᠡ ᠪᠠᠷ ᠰᠣᠯᠢᠬᠤ︾ ᠦᠢᠯᠡᠴᠢᠯᠡᠭᠡᠨ ᠤ ᠲᠠᠪᠴᠠᠩ ᠳᠤ ᠭᠠᠷᠴᠤ᠂ ︽ᠭᠡᠷ ᠪᠦᠯᠢ ᠶᠢᠨ | ᠨᠠᠰᠤᠵᠢᠯ ᠤᠨ ᠠᠰᠠᠷᠠᠮᠵᠢ ᠳᠤ ᠲᠣᠬᠢᠷᠠᠬᠤᠶᠢᠴᠠ ᠥᠭᠡᠷᠡᠴᠢᠯᠡᠨ ᠰᠢᠨᠡᠳᠬᠡᠬᠦ︾ ᠪᠤᠯᠤᠩ ᠳᠤ ᠣᠷᠣᠵᠤ ᠬᠤᠳᠠᠯᠳᠤᠨ ᠠᠪᠬᠤ ᠪᠠᠷ ᠭᠤᠶᠤᠴᠢᠯᠠᠵᠤ᠂ ᠬᠠᠮᠢᠶ᠎ᠠ | ᠪᠦᠬᠦᠢ ᠮᠡᠳᠡᠭᠡ ᠵᠠᠩᠭᠢ ᠪᠠ ᠭᠡᠷᠡᠴᠢ ᠮᠠᠲ᠋ᠧᠷᠢᠶᠠᠯ ᠢᠶᠠᠨ ᠲᠤᠰᠢᠶᠠᠨ᠎ᠠ︔ ᠭᠡᠷ ᠬᠥᠷᠥᠩᠭᠡ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠥᠬᠦᠪᠦᠷᠢ ᠭᠦᠷᠳᠡᠭᠦ ᠡᠲᠡᠭᠡᠳ ᠤᠨ ᠬᠢᠷᠢ ᠭᠡᠮ ᠢ ᠬᠢᠨᠠᠨ ᠬᠠᠷᠭᠤᠭᠤᠯᠤᠨ᠎ᠠ᠃ ᠭᠡᠷ ᠪᠦᠯᠢ ᠶᠢᠨ | ᠨᠠᠰᠤᠵᠢᠯ ᠤᠨ ᠠᠰᠠᠷᠠᠮᠵᠢ ᠳᠤ ᠲᠣᠬᠢᠷᠠᠬᠤᠶᠢᠴᠠ ᠲᠠᠸᠠᠷ ᠢ ᠪᠣᠳᠠᠲᠠᠢ ᠬᠤᠳᠠᠯᠳᠤᠨ ᠠᠪᠬᠤ ᠦᠶ᠎ᠡ ᠳᠤ᠂ ᠨᠠᠰᠤᠲᠠᠶᠢᠴᠤᠳ ᠨᠥᠬᠦᠪᠦᠷᠢ ᠶᠢᠨ ᠬᠠᠷᠢᠴᠠᠯ | ᠶᠣᠰᠣᠭᠠᠷ ᠥᠪᠡᠷ ᠢᠶᠠᠨ ᠲᠥᠯᠥᠬᠦ ᠬᠡᠰᠡᠭ ᠵᠠᠷᠤᠳᠠᠯ ᠢᠶᠠᠨ ᠲᠤᠰᠢᠶᠠᠪᠠᠯ ᠪᠣᠯᠴᠢᠬᠠᠨ᠎ᠠ᠃ ᠣᠷᠤᠯᠴᠠᠬᠤ ᠪᠡᠶᠡᠴᠢ ᠴᠣᠭᠴᠠ ᠶᠢ ᠰᠢᠯᠢᠨ ᠰᠣᠩᠭᠤᠬᠤ | ᠲᠠᠯ᠎ᠠ ᠪᠠᠷ᠂ ᠡᠯ᠎ᠡ ᠠᠶᠢᠮᠠᠭ ᠬᠤᠲᠠ ᠪᠣᠭᠤᠮᠲᠠ ᠶᠢ ᠴᠢᠩᠭ᠎ᠠ ᠰᠠᠬᠢᠵᠤ᠂ ᠬᠠᠤᠯᠢ ᠶᠣᠰᠣᠭᠠᠷ ᠪᠦᠷᠢᠳᠬᠡᠭᠦᠯᠦᠨ ᠳᠠᠩᠰᠠᠯᠠᠭᠤᠯᠤᠭᠰᠠᠨ᠂ ᠬᠠᠤᠯᠢ ᠠᠴᠠ | ᠵᠥᠷᠢᠴᠡᠭᠰᠡᠨ ᠲᠡᠮᠳᠡᠭᠯᠡᠯ ᠦᠭᠡᠢ᠂ ᠡᠵᠡᠩᠨᠡᠯᠲᠡ ᠨᠢ ᠲᠣᠭᠲᠠᠭᠤᠨ᠂ ᠲᠣᠭᠠᠴᠠᠭ᠎ᠠ ᠬᠢᠬᠦ ᠳ᠋ᠦᠩᠨᠡᠨ ᠪᠣᠳᠣᠯᠲᠠ ᠵᠢᠷᠤᠮᠵᠢᠬᠰᠠᠨ ᠲᠣᠭᠲᠠᠴᠠ ᠶᠢ | ᠪᠦᠷᠢᠯᠳᠦᠭᠦᠯᠦᠭᠰᠡᠨ ᠵᠡᠷᠭᠡ ᠪᠠᠷ ᠦᠨᠳᠦᠰᠦᠨ ᠨᠥᠬᠦᠴᠡᠯ ᠪᠣᠯᠭᠠᠨ ᠣᠷᠤᠯᠴᠠᠬᠤ ᠠᠵᠤ ᠠᠬᠤᠶᠢᠯᠠᠯ ᠢ ᠰᠢᠯᠢᠨ ᠰᠣᠩᠭᠤᠨ᠎ᠠ᠃ | 4 ᠰᠠᠷ᠎ᠠ ᠶᠢᠨ ᠳᠤᠮᠳᠠᠴᠢ ᠪᠤᠯᠲᠠᠯ᠎ᠠ᠂ ᠡᠯ᠎ᠡ ᠭᠠᠵᠠᠷ ᠤᠨ ᠬᠢᠨ ᠨᠢᠭᠡᠨᠲᠡ 87 ᠬᠡᠷᠡᠭᠯᠡᠭᠡᠨ ᠤ ᠵᠦᠢᠯ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ | ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠳᠤ ᠲᠣᠬᠢᠷᠠᠬᠤᠶᠢᠴᠠ ᠥᠭᠡᠷᠡᠴᠢᠯᠡᠨ ᠰᠢᠨᠡᠳᠬᠡᠬᠦ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠭᠦ | ᠠᠵᠢᠯᠯᠠᠭ᠎ᠠ ᠳᠤ ᠣᠷᠤᠯᠴᠠᠬᠤ ᠠᠵᠤ ᠠᠬᠤᠶᠢᠯᠠᠯ ᠢᠶᠠᠷ ᠲᠣᠭᠲᠠᠭᠠᠵᠤ᠂ ᠪᠠᠩᠬᠢ ᠶᠢᠨ ᠬᠤᠯᠪᠤᠭ᠎ᠠ ᠶᠢᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠤ | ᠣᠷᠣᠭᠤᠯᠵᠤ᠂ ᠨᠠᠰᠤᠲᠠᠶᠢᠴᠤᠳ ᠤᠨ ᠯᠠᠪᠯᠠᠯᠲᠠ ᠪᠣᠯᠭᠠᠨ ᠰᠣᠩᠭᠤᠯᠲᠠ ᠬᠢᠬᠦ ᠳᠤ ᠲᠥᠭᠦᠮ ᠦᠵᠡᠭᠦᠯᠵᠦ ᠪᠤᠢ᠃ |