︽5·1︾ ᠤ ᠠᠮᠠᠷᠠᠯᠲᠠ ᠶᠢᠨ ᠬᠤᠭᠤᠴᠠᠭᠠᠨ ᠳᠤ ᠪᠦᠭᠦ ᠤᠯᠤᠰ ᠤᠨ ᠭᠤᠣᠯᠳᠠᠯᠭ᠎ᠠ ᠲᠠᠢ ᠵᠢᠵᠢᠭᠯᠡᠨ ᠬᠤᠳᠠᠯᠳᠤᠬᠤ ᠪᠠ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2025/5/7
    ᠰᠤᠷᠪᠤᠯᠵᠢᠯᠠᠬᠴᠢ 5 ᠤ ᠡᠳᠦᠷ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ 2025 ᠣᠨ ᠤ ︽5·1︾ ᠤ ᠠᠮᠠᠷᠠᠯᠲᠠ ᠶᠢᠨ ᠬᠤᠭᠤᠴᠠᠭᠠᠨ ᠳᠤ ᠪᠦᠭᠦ ᠤᠯᠤᠰ ᠤᠨ ᠬᠡᠷᠡᠭᠯᠡᠭᠡᠨ ᠤ ᠵᠠᠬ᠎ᠠ ᠳᠡᠯᠭᠡᠭᠦᠷ ᠬᠥᠭᠵᠢᠶᠡᠨᠲᠡᠢ ᠪᠣᠯᠪᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠶᠢ ᠦᠨᠳᠦᠰᠦᠯᠡᠪᠡᠯ᠂ ᠠᠮᠠᠷᠠᠯᠲᠠ ᠶᠢᠨ ᠬᠤᠭᠤᠴᠠᠭᠠᠨ ᠳᠤ ᠪᠦᠭᠦ ᠤᠯᠤᠰ ᠤᠨ ᠭᠤᠣᠯᠳᠠᠯᠭ᠎ᠠ ᠲᠠᠢ ᠵᠢᠵᠢᠭᠯᠡᠨ ᠬᠤᠳᠠᠯᠳᠤᠬᠤ ᠪᠠ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 6.3 % ᠪᠠᠷ ᠨᠡᠮᠡᠭᠳᠡᠵᠡᠢ᠃    ᠬᠠᠭᠤᠴᠢᠨ ᠢᠶᠠᠷ ᠰᠢᠨ᠎ᠡ ᠶᠢ ᠰᠣᠯᠢᠬᠤ ᠨᠢ ᠮᠠᠰᠢ ᠬᠦᠷᠢᠶᠡᠯᠡᠯ ᠲᠠᠢ ᠪᠣᠯᠪᠠ᠃ 2025 ᠣᠨ ᠤ ᠡᠬᠢᠨ ᠠᠴᠠ 5 ᠰᠠᠷ᠎ᠠ ᠶᠢᠨ 5 ᠤ ᠡᠳᠦᠷ ᠤᠨ 0 ᠴᠠᠭ ᠪᠤᠯᠲᠠᠯ᠎ᠠ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠶᠢᠨ ᠭᠤᠶᠤᠴᠢᠯᠠᠯ 300 ᠲᠦᠮᠡᠨ ᠬᠤᠪᠢ ᠶᠢ ᠳᠠᠪᠠᠪᠠ︔ ᠬᠡᠷᠡᠭᠯᠡᠭᠴᠢᠳ 12 ᠶᠡᠭᠡ ᠲᠥᠷᠥᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠬᠠᠷᠠᠭᠠᠯᠵᠠᠯ ᠲᠠᠢ ᠭᠡᠷ ᠤᠨ ᠴᠠᠭᠢᠯᠭᠠᠨ ᠬᠡᠷᠡᠭᠰᠡᠯ ᠢ 5516 ᠲᠦᠮᠡ ᠬᠤᠳᠠᠯᠳᠤᠨ ᠠᠪᠴᠤ᠂ ᠭᠠᠷ ᠤᠲᠠᠰᠤ ᠵᠡᠷᠭᠡ ᠲᠣᠭᠠᠴᠢᠯᠠᠭᠰᠠᠨ ᠦᠢᠯᠡᠳᠬᠦᠨ ᠢ 4167 ᠲᠦᠮᠡ ᠬᠤᠳᠠᠯᠳᠤᠨ ᠠᠪᠴᠠᠢ᠃ ᠠᠮᠠᠷᠠᠯᠲᠠ ᠶᠢᠨ ᠬᠤᠭᠤᠴᠠᠭᠠᠨ ᠤ ᠲᠦᠷᠦᠭᠦᠦ ᠳᠥᠷᠪᠡᠨ ᠡᠳᠦᠷ ᠲᠤ᠂ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠭᠰᠠᠨ ᠬᠡᠮᠵᠢᠶ᠎ᠡ 6 ᠲᠦᠮᠡᠨ ᠬᠤᠪᠢ ᠶᠢ ᠳᠠᠪᠠᠵᠤ᠂ ᠰᠢᠨ᠎ᠡ ᠮᠠᠰᠢᠨ ᠲᠡᠷᠭᠡᠨ ᠤ ᠪᠣᠷᠣᠯᠠᠭᠤᠯᠤᠯᠲᠠ ᠶᠢ 88 ᠳ᠋ᠦᠩᠰᠢᠭᠤᠷ ᠲᠥᠭᠦᠷᠢᠭ ᠳᠠᠶᠢᠴᠢᠯᠠᠪᠠ︔ ᠬᠡᠷᠡᠭᠯᠡᠭᠴᠢᠳ 12 ᠶᠡᠭᠡ ᠲᠥᠷᠥᠯ ᠤᠨ ᠭᠡᠷ ᠤᠨ ᠴᠠᠭᠢᠯᠭᠠᠨ ᠬᠡᠷᠡᠭᠰᠡᠯ ᠤᠨ ᠦᠢᠯᠡᠳᠬᠦᠨ ᠢ 356 ᠲᠦᠮᠡ ᠬᠤᠳᠠᠯᠳᠤᠨ ᠠᠪᠴᠤ᠂ 119 ᠳ᠋ᠦᠩᠰᠢᠭᠤᠷ ᠲᠥᠭᠦᠷᠢᠭ ᠤᠨ ᠪᠣᠷᠤᠯᠠᠭᠤᠯᠭ᠎ᠠ ᠶᠢ ᠳᠠᠶᠢᠴᠢᠯᠠᠪᠠ︔ ᠭᠠᠷ ᠤᠲᠠᠰᠤ ᠵᠡᠷᠭᠡ ᠲᠣᠭᠠᠴᠢᠯᠠᠭᠰᠠᠨ ᠦᠢᠯᠡᠳᠬᠦᠨ ᠢ 242 ᠲᠦᠮᠡ ᠬᠤᠳᠠᠯᠳᠤᠨ ᠠᠪᠴᠤ᠂ 64 ᠳ᠋ᠦᠩᠰᠢᠭᠤᠷ ᠲᠥᠭᠦᠷᠢᠭ ᠤᠨ ᠪᠣᠷᠤᠯᠠᠭᠤᠯᠭ᠎ᠠ ᠶᠢ ᠳᠠᠶᠢᠴᠢᠯᠠᠪᠠ᠃    ᠠᠮᠠᠷᠠᠯᠲᠠ ᠶᠢᠨ ᠬᠤᠭᠤᠴᠠᠭᠠᠨ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠭᠤᠣᠯᠳᠠᠯᠭ᠎ᠠ ᠲᠠᠢ ᠬᠢᠨᠠᠨ ᠬᠡᠮᠵᠢᠭᠰᠡᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠭᠡᠷ ᠤᠨ ᠴᠠᠭᠢᠯᠭᠠᠨ ᠬᠡᠷᠡᠭᠰᠡᠯ᠂ ᠮᠠᠰᠢᠨ ᠲᠡᠷᠭᠡ᠂ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠪᠣᠷᠤᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 15.5%᠂ 13.7% ᠪᠠ 10.5% ᠪᠠᠷ ᠨᠡᠮᠡᠭᠳᠡᠪᠡ᠃ ᠬᠤᠳᠠᠯᠳᠤᠭᠠᠨ ᠤ ᠶᠠᠪᠤᠳᠠᠯ ᠤᠨ ᠶᠠᠮᠤᠨ  ᠠᠴᠠ ᠭᠤᠣᠯᠳᠠᠯᠭ᠎ᠠ ᠲᠠᠢ ᠬᠢᠨᠠᠨ ᠬᠡᠮᠵᠢᠭᠰᠡᠨ ᠡᠯᠧᠺᠲᠷᠣᠨ ᠬᠤᠳᠠᠯᠳᠤᠭᠠᠨ ᠤ ᠲᠠᠪᠴᠠᠩ ᠳᠠᠬᠢ ᠣᠶᠤᠨᠴᠢ ᠭᠡᠷ ᠤᠨ ᠬᠡᠷᠡᠭᠰᠡᠯ ᠤᠨ ᠦᠢᠯᠡᠳᠬᠦᠨ ᠤ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠵᠦ᠂ ᠭᠤᠣᠯᠳᠠᠯᠭ᠎ᠠ ᠲᠠᠢ ᠬᠢᠨᠠᠨ ᠬᠡᠮᠵᠢᠭᠰᠡᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ ᠪᠣᠷᠣᠯᠠᠭᠤᠯᠤᠯᠲᠠ ᠶᠢᠨ ᠬᠡᠮᠵᠢᠶ᠎ᠡ 14.8% ᠪᠠᠷ ᠨᠡᠮᠡᠭᠳᠡᠪᠡ᠃   ᠦᠢᠯᠡᠴᠢᠯᠡᠭᠡᠨ ᠤ ᠬᠡᠷᠡᠭᠯᠡᠭᠡ ᠦᠷᠭᠦᠯᠵᠢᠯᠡᠨ ᠨᠡᠮᠡᠭᠳᠡᠵᠦ᠂ ᠢᠳᠡᠭᠡᠨ ᠤᠮᠳᠠᠭᠠᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠬᠥᠭᠵᠢᠶᠡᠨᠲᠡᠢ ᠪᠣᠯᠵᠠᠢ᠃ ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠶᠢ ᠦᠨᠳᠦᠰᠦᠯᠡᠪᠡᠯ᠂ ᠠᠮᠠᠷᠠᠯᠲᠠ ᠶᠢᠨ ᠬᠤᠭᠤᠴᠠᠭᠠᠨ ᠳᠤ ᠪᠦᠭᠦ ᠤᠯᠤᠰ ᠤᠨ ᠭᠤᠣᠯᠳᠠᠯᠭ᠎ᠠ ᠲᠠᠢ ᠬᠢᠨᠠᠨ ᠬᠡᠮᠵᠢᠭᠰᠡᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠵᠡᠢ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 5 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ