ᠪᠦᠭᠦ ᠣᠷᠣᠨ ᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠢᠯ ᠲᠥᠷᠥᠯ ᠤᠨ ᠨᠡᠶᠢᠭᠡᠮᠯᠢᠭ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2025/5/7
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠲᠠ ᠶᠢᠨ ᠲᠢᠩᠬᠢᠮ ᠪᠦᠭᠦ ᠣᠷᠣᠨ ᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠢᠯ ᠲᠥᠷᠥᠯ ᠤᠨ ᠨᠡᠶᠢᠭᠡᠮᠯᠢᠭ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠦᠭᠦ ᠣᠷᠣᠨ ᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠢᠯ ᠲᠥᠷᠥᠯ ᠤᠨ ᠠᠵᠢᠯᠯᠠᠭᠠᠨ ᠤ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠣᠶᠢᠯᠠᠭᠠᠨ᠂ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠰᠠᠨᠠᠯ ᠰᠠᠨᠠᠭᠤᠯᠭ᠎ᠠ ᠶᠢ ᠰᠣᠨᠣᠰᠤᠨ᠂ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠢ ᠰᠤᠳᠤᠯᠵᠠᠢ᠃    ᠬᠤᠷᠠᠯ ᠠᠴᠠ ᠬᠠᠮᠢᠶ᠎ᠠ ᠪᠦᠬᠦᠢ ᠠᠵᠢᠯ ᠲᠥᠷᠥᠯ ᠤᠨ ᠭᠠᠵᠠᠷ ᠪᠠ ᠲᠠᠰᠤᠭ ᠤᠨ ᠬᠢᠨ ᠨᠡᠶᠢᠭᠡᠮᠯᠢᠭ ᠤᠨ ᠳᠤᠷᠠᠳᠤᠭᠰᠠᠨ ᠠᠰᠠᠭᠤᠳᠠᠯ ᠪᠣᠯᠣᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠢᠳᠡᠪᠬᠢᠲᠡᠢ ᠪᠠᠷ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠠᠴᠠ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠤᠨ ᠬᠤᠭᠤᠷᠣᠨᠳᠣᠭᠢ ᠨᠡᠪᠲᠡᠷᠡᠯᠴᠡᠭᠡ ᠬᠠᠷᠢᠯᠴᠠᠭ᠎ᠠ ᠶᠢᠨ ᠬᠥᠭᠦᠷᠭᠡ ᠬᠤᠯᠪᠣᠭᠠᠰᠤ ᠪᠣᠯᠤᠭᠰᠠᠨ ᠤ ᠬᠤᠪᠢ ᠳᠤ  ᠠᠵᠢᠯ ᠲᠥᠷᠥᠯ ᠤᠨ ᠨᠡᠶᠢᠭᠡᠮᠯᠢᠭ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠵᠢᠯ ᠲᠥᠷᠥᠯ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠡᠪᠲᠡᠷᠡᠯᠴᠡᠨ ᠵᠣᠬᠢᠴᠠᠭᠤᠯᠬᠤ᠂ ᠳᠣᠲᠣᠭᠠᠳᠤ ᠳᠠᠭᠠᠨ ᠬᠤᠯᠪᠣᠭᠠᠯᠠᠵᠤ ᠭᠠᠳᠠᠨ᠎ᠠ ᠠᠴᠠ ᠲᠠᠲᠠᠬᠤ᠂ ᠦᠢᠯᠡᠴᠢᠯᠡᠭᠡᠨ ᠤ ᠪᠠᠲᠤᠯᠠᠭ᠎ᠠ ᠬᠠᠩᠭᠠᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠡᠷᠭᠡ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠮᠠᠨ ᠤ ᠣᠷᠣᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ᠃ ᠠᠵᠤ ᠠᠬᠤᠶᠢᠯᠠᠯ ᠳᠤ ᠦᠢᠯᠡᠴᠢᠯᠡᠬᠦ ︽ᠳᠣᠲᠣᠨᠣ ᠬᠥᠮᠥᠨ︾ ᠪᠣᠯᠵᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠰᠤᠳᠤᠯᠵᠤ᠂ ᠠᠰᠠᠭᠤᠳᠠᠯ ᠢ ᠴᠠᠭ ᠲᠤᠬᠠᠢ  ᠳᠤᠨᠢ ᠬᠠᠷᠢᠭᠤ ᠲᠤᠰᠬᠠᠵᠤ᠂ ᠦᠢᠯᠡᠳᠦᠯ ᠢᠶᠠᠨ ᠨᠠᠩ ᠰᠠᠶᠢᠨ ᠪᠠᠳᠠᠷᠠᠭᠤᠯᠬᠤ ᠬᠡᠷᠡᠭᠲᠡᠢ᠃ ᠠᠵᠢᠯ ᠲᠥᠷᠥᠯ ᠤᠨ ᠬᠥᠭᠵᠢᠯᠲᠡ ᠶᠢᠨ ︽ᠵᠠᠮᠴᠢᠯᠠᠭᠴᠢ︾ ᠪᠣᠯᠵᠤ᠂ ᠠᠵᠢᠯ ᠲᠥᠷᠥᠯ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠷᠠᠭᠤᠯᠤᠨ᠂ ᠠᠵᠢᠯ ᠲᠥᠷᠥᠯ ᠤᠨ ᠬᠥᠭᠵᠢᠯᠲᠡ ᠶᠢ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ᠂ ᠠᠷᠠᠯᠵᠢᠶᠠᠴᠢᠨ ᠤᠷᠢᠵᠤ ᠪᠡᠯᠡ ᠬᠤᠷᠠᠮᠳᠤᠭᠤᠯᠬᠤ ᠴᠢᠳᠠᠮᠵᠢ ᠪᠠᠨ ᠴᠢᠩᠭᠠᠷᠠᠭᠤᠯᠬᠤ ᠬᠡᠷᠡᠭᠲᠡᠢ᠃ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢᠨ ︽ᠠᠬᠢᠭᠤᠯᠤᠭᠴᠢ︾ ᠪᠣᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠲᠦᠪᠰᠢᠨ ᠤ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠲᠣᠭᠠᠴᠢᠯᠠᠯᠳᠡ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ︽ᠬᠢᠨᠠᠯᠲᠠ ᠲᠠᠯᠪᠢᠭᠴᠢ︾ ᠪᠣᠯᠵᠤ᠂ ᠠᠵᠢᠯ ᠲᠥᠷᠥᠯ ᠤᠨ ᠳᠦᠷᠢᠮ ᠪᠠ ᠭᠡᠷ᠎ᠡ ᠶᠢ ᠱᠠᠯᠠᠪᠳᠠᠨ ᠰᠤᠳᠤᠯᠤᠨ ᠪᠠᠶᠢᠭᠤᠯᠵᠤ᠂ ᠠᠵᠢᠯ ᠲᠥᠷᠥᠯ ᠤᠨ ᠡᠮᠬᠢ ᠵᠢᠷᠤᠮ ᠢ ᠦᠨᠡᠨ ᠬᠦ ᠵᠢᠷᠤᠮᠯᠠᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠤᠨ ᠦᠢᠯᠡᠳᠪᠦᠷᠢᠯᠡᠬᠦ ᠴᠢᠳᠠᠪᠤᠷᠢ ᠶᠢᠨ ᠪᠠᠶᠢᠷᠢᠰᠢᠭᠤᠯᠤᠯᠲᠠ ᠶᠢ ᠨᠢ ᠰᠢᠯᠢᠳᠡᠭᠵᠢᠭᠦᠯᠵᠦ᠂ ᠳᠣᠣᠷ᠎ᠠ ᠲᠦᠪᠰᠢᠨ ᠳᠤ ᠳᠠᠪᠬᠤᠷᠳᠠᠭᠤᠯᠤᠨ ᠪᠠᠶᠢᠭᠤᠯᠬᠤ ᠪᠠ ᠠᠳᠠᠯᠢ ᠲᠦᠪᠰᠢᠨ ᠳᠤ ᠥᠷᠢᠰᠦᠯᠳᠦᠬᠦ ᠠᠴᠠ ᠵᠠᠶᠢᠯᠠᠰᠬᠢᠬᠦ ᠬᠡᠷᠡᠭᠲᠡᠢ ᠭᠡᠵᠦ ᠱᠠᠭᠠᠷᠳᠠᠵᠠᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ