ᠲᠦᠩᠯᠢᠶᠣᠣ ᠬᠤᠳᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠥᠷᠨᠢᠭᠦᠯᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/5/7
     ᠠᠵᠤ ᠠᠬᠤᠶᠢᠯᠠᠯ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢ ᠲᠦᠷᠭᠡᠳᠬᠡᠬᠦ ᠶᠢᠨ ᠲᠥᠯᠥᠭᠡ᠂ 4 ᠰᠠᠷ᠎ᠠ ᠶᠢᠨ 22 ᠤᠨ ᠡᠳᠦᠷ ᠲᠦᠩᠯᠢᠶᠣᠣ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︽ᠮᠧᠩ ᠺᠧ ᠵᠢᠦᠢ︾ ᠶᠢᠨ ᠲᠦᠩᠯᠢᠶᠣᠣ ᠶᠢᠨ ᠬᠤᠪᠢᠶᠠᠷᠢ ᠲᠥᠪ᠂ ᠲᠦᠩᠯᠢᠶᠣᠣ ᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠷᠴᠢᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠲᠦᠩᠯᠢᠶᠣᠣ ᠳᠠᠬᠢ ᠮᠡᠷᠭᠡᠵᠢᠯ ᠰᠢᠯᠵᠢᠭᠦᠯᠬᠦ ᠲᠥᠪ ᠲᠠᠢ ᠬᠠᠮᠲᠤᠷᠠᠨ᠂ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ ᠵᠥᠩ ᠫᠧᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠵᠡᠷᠭᠡ 6 ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ᠂︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠥᠷᠨᠢᠭᠦᠯᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠ ᠨᠠᠷᠢᠯᠢᠭ ᠣᠨᠣᠴᠠᠲᠠᠢ ᠵᠢᠯᠣᠭᠤᠳᠤᠯᠭ᠎ᠠ ᠬᠢᠬᠦ ᠪᠠᠷ ᠳᠡᠮᠵᠢᠨ᠂ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠬᠢᠭᠡᠳ ᠠᠵᠤ ᠠᠬᠤᠶᠢᠯᠠᠯ ᠤᠨ ᠬᠤᠭᠤᠷᠣᠨᠳᠤ ᠮᠡᠷᠭᠡᠵᠢᠯ ᠤᠨ ᠬᠥᠭᠦᠷᠭᠡ ᠬᠤᠯᠪᠣᠭᠠᠰᠤ ᠪᠠᠶᠢᠭᠤᠯᠵᠤ ᠥᠭᠪᠡ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠠᠵᠢᠯᠯᠠᠬᠤ ᠳᠤᠭᠤᠶᠢᠯᠠᠩ ᠤᠷᠢᠳ ᠬᠤᠵᠢᠳ ᠲᠦᠩᠯᠢᠶᠣᠣ ᠶᠢᠨ ᠤᠰᠤᠲᠥ᠋ᠷᠥᠭᠴᠢ ᠡᠨᠧᠷᠭᠢ ᠶᠢᠨ ᠬᠥᠳᠡᠯᠭᠡᠬᠦ ᠬᠦᠴᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ᠂ ᠲᠦᠩᠯᠢᠶᠣᠣ ᠶᠢᠨ ᠵᠦᠩ ᠫᠧᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ᠂ ᠲᠦᠩᠯᠢᠶᠣᠣ ᠬᠤᠳᠠ ᠶᠢᠨ ᠰᠢᠨ ᠲᠦᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ᠂ ᠲᠦᠩᠯᠢᠶᠣᠣ ᠶᠢᠨ ᠶᠢᠨ ᠮᠧᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠢᠴᠢ ᠲᠦᠩᠯᠢᠶᠣᠣ ︱ ᠳᠥᠷᠪᠡᠳᠦᠭᠡᠷ ᠢᠨᠵᠧᠨᠧᠷᠢᠩ ᠤᠨ ᠬᠠᠶᠢᠨ ᠪᠠᠶᠢᠴᠠᠭᠠᠯᠲᠠ ᠶᠢᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠳᠥᠷᠪᠡᠳᠦᠭᠡᠷ ᠤᠰᠤᠨ ᠤ ᠭᠠᠵᠠᠷ ᠰᠢᠨᠵᠢᠯᠡᠭᠡᠨ ᠤ ᠢᠨᠵᠧᠨᠧᠷᠢᠩ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠬᠤᠩ ᠶᠠᠩ ᠠᠵᠢᠯ ᠮᠡᠷᠭᠡᠵᠢᠯ ᠤᠨ ᠠᠮᠤᠷ ᠲᠦᠪᠰᠢᠨ ᠤ ᠮᠡᠷᠭᠡᠵᠢᠯ ᠤᠨ ᠵᠥᠪᠯᠡᠯᠭᠡ ᠥᠭᠬᠦ ᠬᠢᠵᠠᠭᠠᠷᠲᠤ ᠺᠤᠮᠫᠠᠨᠢ ᠵᠡᠷᠭᠡ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠭᠦᠨᠵᠡᠭᠡᠶᠢᠷᠡᠨ᠂ ᠦᠢᠯᠡᠳᠪᠦᠷᠢᠯᠡᠯ ᠤᠨ ᠲᠠᠰᠤᠭ᠂ ᠰᠤᠳᠤᠯᠤᠨ ᠨᠡᠭᠡᠭᠡᠬᠦ ᠲᠤᠷᠰᠢᠯᠲᠠ ᠶᠢᠨ ᠲᠠᠰᠤᠭ ᠪᠠ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠠᠵᠤ ᠠᠬᠤᠶᠢᠯᠠᠯ ᠤᠨ ᠮᠡᠷᠭᠡᠵᠢᠯ ᠤᠨ ᠬᠠᠷᠢᠭᠤᠴᠠᠯᠭᠠᠲᠠᠨ ᠲᠠᠢ ᠶᠠᠷᠢᠯᠴᠠᠨ᠂ ᠠᠵᠤ ᠠᠬᠤᠶᠢᠯᠠᠯ ᠤᠨ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠬᠤᠪᠢᠷᠠᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠲᠠᠯ᠎ᠠ ᠪᠠᠷ ᠪᠣᠳᠠᠲᠠᠢ ᠬᠡᠷᠡᠭᠴᠡᠭᠡ ᠶᠢ ᠨᠢ ᠨᠠᠷᠢᠨ ᠣᠶᠢᠯᠠᠭᠠᠵᠠᠢ᠃ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠪᠦᠯᠭᠦᠮ ᠠᠵᠤ ᠠᠬᠤᠶᠢᠯᠠᠯ ᠤᠨ ᠳᠤᠷᠠᠳᠤᠭᠰᠠᠨ ᠣᠨᠴᠠ ᠲᠦᠷᠦᠯ ᠤᠨ ᠮᠠᠲ᠋ᠧᠷᠢᠶᠠᠯ ᠦᠢᠯᠡᠳᠬᠦ ᠮᠡᠷᠭᠡᠵᠢᠯ ᠢ ᠰᠢᠯᠢᠳᠡᠭᠵᠢᠭᠦᠯᠬᠦ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢ ᠣᠶᠤᠨᠴᠢᠯᠠᠨ ᠲᠡᠰ ᠳᠡᠪᠰᠢᠭᠦᠯᠬᠦ ᠵᠡᠷᠭᠡ ᠪᠣᠳᠠᠲᠠᠢ ᠮᠡᠷᠭᠡᠵᠢᠯ ᠤᠨ ᠬᠡᠷᠡᠭᠴᠡᠭᠡ ᠳᠤ ᠴᠢᠭᠯᠡᠭᠦᠯᠦᠨ ᠲᠤᠬᠠᠢ ᠶᠢᠨ ᠲᠠᠯᠠᠪᠠᠢ ᠳᠤ 5 ᠵᠦᠢᠯ ᠤᠨ ᠲᠣᠬᠢᠷᠠᠯᠴᠠᠬᠤ ᠴᠢᠨᠠᠷ ᠢᠶᠠᠷ ᠴᠢᠩᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠠᠨᠢᠯᠴᠠᠭᠤᠯᠵᠤ᠂ 2 ᠵᠦᠢᠯ ᠤᠨ ᠮᠡᠷᠭᠡᠵᠢᠯ ᠤᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠣᠬᠢᠷᠠᠯᠴᠠᠪᠠ᠃     ᠲᠦᠩᠯᠢᠶᠣᠣ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠠᠵᠢᠯᠲᠠᠳ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠠᠩᠰᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠠᠩᠰᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠭᠤᠣᠯᠳᠠᠯᠭ᠎ᠠ ᠲᠠᠢ ᠵᠢᠯᠣᠭᠤᠳᠤᠯᠭ᠎ᠠ ᠬᠢᠵᠦ᠂ ᠠᠵᠤ ᠠᠬᠤᠶᠢᠯᠠᠯ ᠢ ᠬᠠᠪᠰᠤᠷᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠵᠤ ᠰᠠᠶᠢᠲᠤᠷ ᠬᠡᠷᠡᠭᠯᠡᠬᠦ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ ︽ᠮᠠᠨ ᠤ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠪᠤᠷ ᠠᠭᠤᠯᠤᠭᠰᠠᠨ ᠨᠡᠶᠢᠯᠡᠮᠡᠯ ᠮᠠᠲ᠋ᠧᠷᠢᠶᠠᠯ ᠢ ᠠᠵᠤ ᠦᠢᠯᠡᠰᠵᠢᠭᠦᠯᠬᠦ ᠶᠠᠪᠤᠴᠠ ᠳᠤ ᠮᠡᠷᠭᠡᠵᠢᠯ ᠤᠨ ᠲᠣᠭᠲᠠᠪᠤᠷᠢᠲᠤ ᠴᠢᠨᠠᠷ ᠤᠨ ᠲᠠᠯ᠎ᠠ ᠪᠠᠷ ᠠᠰᠠᠭᠤᠳᠠᠯ ᠳᠤ ᠲᠤᠯᠭᠠᠷᠠᠵᠠᠢ᠂ ᠡᠨᠡ ᠤᠳᠠᠭᠠᠨ ᠤ ᠲᠤᠰᠬᠠᠢ ᠮᠡᠷᠭᠡᠵᠢᠯᠲᠡᠨ ᠤ ᠠᠪᠴᠢᠷᠠᠭᠰᠠᠨ ᠰᠢᠨ᠎ᠡ ᠮᠡᠷᠭᠡᠵᠢᠯ ᠨᠢ ᠶᠠᠭ ᠡᠨᠡ ᠬᠦ ᠪᠣᠭᠤᠮᠢ ᠶᠢ ᠰᠢᠢᠳᠪᠦᠷᠢᠯᠡᠵᠦ ᠴᠢᠳᠠᠨ᠎ᠠ︾ ᠭᠡᠵᠦ ᠲᠦᠩᠯᠢᠶᠣᠣ ᠶᠢᠨ ᠵᠥᠩ ᠫᠧᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠮᠡᠷᠭᠡᠵᠢᠯ ᠤᠨ ᠬᠠᠷᠢᠭᠤᠴᠠᠯᠭᠠᠲᠠᠨ ᠬᠡᠯᠡᠵᠦ ᠪᠠᠶᠢᠯ᠎ᠠ᠃ ᠢᠩᠭᠢᠵᠦ ᠨᠠᠷᠢᠯᠢᠭ ᠣᠨᠣᠴᠠᠲᠠᠢ ᠵᠣᠯᠭᠠᠭᠤᠯᠤᠭᠰᠠᠨ ᠨᠢ ᠠᠵᠤ ᠠᠬᠤᠶᠢᠯᠠᠯ ᠳᠤ ᠮᠠᠰᠢ ᠲᠤᠰᠠ ᠳᠡᠮ ᠦᠵᠡᠭᠦᠯᠦᠨ᠂ ᠮᠤᠷᠤᠢ ᠵᠠᠮ ᠢᠶᠠᠷ ᠳᠤᠲᠠᠭᠤ ᠵᠠᠮᠨᠠᠭᠤᠯᠬᠤ ᠪᠣᠯᠣᠨ᠎ᠠ᠃ ᠥᠪᠥᠷ ᠮᠣᠩᠭᠤᠯ ᠤᠨ ᠳᠥᠷᠪᠡᠳᠦᠭᠡᠷ ᠤᠰᠤᠨ ᠤ ᠭᠠᠵᠠᠷ ᠰᠢᠨᠵᠢᠯᠡᠭᠡᠨ ᠤ ᠢᠨᠵᠧᠨᠧᠷᠢᠩ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠬᠤᠩ ᠶᠠᠩ ᠠᠵᠢᠯ ᠮᠡᠷᠭᠡᠵᠢᠯ ᠤᠨ ᠠᠮᠤᠷ ᠲᠦᠪᠰᠢᠨ ᠤ ᠮᠡᠷᠭᠡᠵᠢᠯ ᠤᠨ ᠵᠥᠪᠯᠡᠯᠭᠡ ᠥᠭᠬᠦ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠠᠴᠠ ᠠᠵᠢᠯᠯᠠᠬᠤ ᠳᠤᠭᠤᠶᠢᠯᠠᠩ ᠤᠨ ᠵᠢᠯᠣᠭᠤᠳᠤᠭᠰᠠᠨ 2 ᠵᠦᠢᠯ ᠤᠨ ᠮᠡᠷᠭᠡᠵᠢᠯ ᠤᠨ ᠭᠡᠷ᠎ᠡ ᠶᠢ ᠨᠤᠲᠠᠯᠠᠨ ᠲᠣᠭᠲᠠᠭᠠᠵᠤ ᠳᠠᠩᠰᠠᠯᠠᠭᠰᠠᠨ ᠶᠠᠪᠤᠳᠠᠯ ᠢ ᠡᠷᠡᠬᠡᠢ ᠭᠠᠷᠭᠠᠨ ᠮᠠᠭᠲᠠᠵᠤ ᠪᠠᠶᠢᠯ᠎ᠠ᠃ ᠲᠡᠳᠡ᠄ ︽ᠵᠢᠷᠤᠮᠵᠢᠭᠤᠯᠤᠨ ᠳᠡᠩᠰᠡᠯᠡᠵᠦ ᠲᠡᠮᠳᠡᠭᠯᠡᠭᠦᠯᠦᠭᠰᠡᠨ ᠤ ᠳᠠᠷᠠᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠭᠦᠷᠳᠡᠭᠦ ᠪᠠᠷ ᠪᠠᠷᠠᠬᠤ ᠦᠭᠡᠢ᠂ ᠨᠠᠩ ᠴᠤ ᠲᠠᠷᠠᠭᠠᠴᠢ ᠶᠢᠨ ᠺᠤᠮᠫᠠᠨᠢ ᠶᠢᠨ ᠮᠡᠷᠭᠡᠵᠢᠯ ᠢ ᠳᠡᠯᠭᠡᠷᠡᠭᠦᠯᠬᠦ ᠠᠷᠭ᠎ᠠ ᠵᠠᠮ ᠢ ᠥᠷᠭᠡᠳᠬᠡᠬᠦ ᠪᠣᠯᠣᠨ᠎ᠠ ︾ ᠭᠡᠵᠦ ᠬᠡᠯᠡᠭᠰᠡᠨ ᠪᠠᠶᠢᠨ᠎ᠠ᠃ ᠲᠣᠰ ᠤᠳᠠᠭᠠᠨ ᠤ ᠲᠤᠰᠬᠠᠢ ᠠᠵᠢᠯᠯᠠᠭ᠎ᠠ ᠲᠦᠩᠯᠢᠶᠣᠣ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ ᠢᠨᠵᠧᠨᠧᠷᠢᠩ︾ ᠢ ᠠᠬᠢᠭᠤᠯᠬᠤ ᠪᠣᠳᠠᠲᠠᠢ ᠦᠢᠯᠡᠳᠦᠯᠭᠡ ᠪᠣᠯᠣᠨ᠎ᠠ᠃ ᠵᠢᠯ ᠤᠨ ᠡᠬᠢᠨ ᠠᠴᠠ ᠨᠠᠭᠠᠰᠢ᠂ ᠲᠦᠩᠯᠢᠶᠣᠣ ᠬᠤᠲᠠ ᠨᠢᠭᠡᠨᠲᠡ 17 ᠵᠦᠢᠯ ᠤᠨ ᠮᠡᠷᠭᠡᠵᠢᠯ ᠤᠨ ᠭᠡᠷ᠎ᠡ ᠶᠢ ᠨᠤᠲᠠᠯᠠᠨ ᠲᠣᠭᠲᠠᠭᠠᠵᠤ ᠳᠡᠩᠰᠡᠯᠡᠨ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠬᠡᠮᠵᠢᠶ᠎ᠡ 5233.93 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 715.72% ᠢᠶᠠᠷ ᠨᠡᠮᠡᠭᠳᠡᠵᠡᠢ᠃     ᠲᠣᠰ ᠬᠤᠲᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠠᠬᠤᠶᠢᠯᠠᠯ ᠢ ᠲᠤᠰᠠᠯᠠᠬᠤ︾ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠶᠢᠨ ᠨᠠᠷᠢᠯᠢᠭ ᠣᠨᠣᠴᠠᠲᠠᠢ ᠦᠢᠯᠡᠴᠢᠯᠡᠭᠡ ᠪᠠᠷ ᠳᠠᠮᠵᠢᠭᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠪᠦᠭᠦ ᠬᠤᠲᠠ ᠶᠢᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ