ᠣᠶᠢᠷ᠎ᠠ ᠳᠤ᠂ ᠭᠦᠭᠡᠬᠤᠲᠠ ᠥᠪᠡᠷᠲᠡᠭᠡᠨ ᠵᠠᠰᠠᠬᠤ ᠣᠷᠣᠨ ᠤ 2025 ᠣᠨ ᠤ ᠬᠤᠶᠠᠳᠤᠭᠠᠷ ᠪᠦᠯᠦᠭ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ 3810 ᠲᠦᠮᠡᠨ ᠲᠥᠭᠦᠷᠢᠭ ᠣᠯᠵᠤ᠂ ᠡᠨᠡ ᠨᠢ 220 ᠲᠦᠷᠦᠯ | ᠵᠦᠢᠯ ᠢ ᠬᠠᠮᠤᠷᠪᠠ᠃ ᠡᠭᠦᠨ ᠳᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ | ᠱᠠᠩᠨᠠᠯ ᠤᠨ ᠲᠦᠷᠦᠯ 214 ᠪᠠᠶᠢᠵᠤ᠂ ᠵᠣᠭᠤᠰ ᠤᠨ ᠲᠤᠭ᠎ᠠ ᠨᠢ 3210 ᠲᠦᠮᠡᠨ ᠲᠥᠭᠦᠷᠢᠭ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠦᠲᠦᠭᠡᠨ ᠪᠠᠶᠢᠭᠤᠯᠤᠭᠰᠠᠨ ᠤ ᠬᠤᠶᠢᠨᠠᠬᠢ ᠨᠥᠬᠦᠪᠦᠷᠢ ᠶᠢᠨ ᠲᠥᠷᠥᠯ ᠵᠦᠢᠯ 6 ᠪᠠᠶᠢᠵᠤ᠂ ᠵᠣᠭᠤᠰ ᠤᠨ | ᠲᠤᠭ᠎ᠠ ᠨᠢ 600 ᠲᠦᠮᠡᠨ ᠲᠥᠭᠦᠷᠢᠭ ᠲᠤ ᠬᠦᠷᠴᠡᠢ᠃ | ᠲᠤᠰᠬᠠᠢ ᠪᠡᠯᠡ ᠮᠥᠩᠭᠦ ᠶᠢᠨ ᠬᠡᠷᠡᠭᠯᠡᠯᠲᠡ ᠨᠢ ᠭᠦᠭᠡᠬᠤᠲᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠵᠢᠴᠢ ᠢᠷᠡᠭᠡᠳᠦᠢ ᠶᠢᠨ | ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ | ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠣᠲᠣ | ᠦᠶ᠎ᠡ ᠶᠢᠨ ᠲᠣᠨᠣᠭᠯᠠᠯ ᠦᠢᠯᠡᠳᠬᠦ᠂ ᠠᠭᠠᠷ ᠤᠨ ᠠᠶᠠᠯᠠᠯ ᠵᠡᠷᠭᠡ ᠬᠦᠷᠢᠶ᠎ᠡ ᠶᠢ ᠬᠠᠮᠤᠷᠴᠤ᠂ ᠠᠵᠤ ᠦᠢᠯᠡᠰ ᠤᠨ ᠬᠡᠯᠬᠢᠶ᠎ᠡ ᠶᠢ ᠳᠡᠭᠡᠳᠦ ᠲᠠᠰᠵᠢᠭᠦᠯᠭᠦ᠂ | ᠣᠶᠤᠨᠴᠢᠯᠠᠬᠤ᠂ ᠪᠣᠬᠢᠷᠳᠤᠯ ᠦᠭᠡᠢ ᠲᠡᠶᠢᠰᠢ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠢ ᠪᠣᠯᠭᠠᠨ ᠬᠥᠭᠵᠢᠭᠦᠯᠬᠦ ᠶᠢ ᠪᠦᠲᠦᠮᠵᠢᠲᠡᠢ ᠠᠬᠢᠭᠤᠯᠬᠤ ᠪᠣᠯᠣᠨ᠎ᠠ᠃ | ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠭᠦᠭᠡᠬᠤᠲᠠ ᠢᠮᠠᠭᠲᠠ ᠰᠢᠨ᠎ᠡ ᠶᠢ ᠡᠭᠦᠳᠦᠨ ᠬᠥᠭᠵᠢᠬᠦ ᠶᠢ ᠭᠤᠣᠯ ᠪᠠᠶᠢᠷᠢᠨ ᠳᠤ ᠲᠠᠯᠪᠢᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠯᠢ ᠤᠯᠠᠨ ᠠᠷᠭ᠎ᠠ | ᠬᠡᠮᠵᠢᠶ᠎ᠡ ᠨᠡᠶᠢᠲᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ᠃ ᠣᠨᠢᠨ | ᠳᠡᠭᠡᠷ᠎ᠡ ᠨᠢ ᠳᠡᠮᠵᠢᠬᠦ ᠪᠠᠷ ᠳᠠᠮᠵᠢᠨ ᠥᠩᠭᠡᠷᠡᠭᠰᠡᠨ ᠤ ︽ᠨᠡᠯᠦᠶᠢᠯᠭᠡᠨ ᠤᠰᠤᠯᠠᠬᠤ︾ ᠮᠠᠶ᠋ᠢᠭ ᠤᠨ ᠣᠷᠣᠭᠤᠯᠤᠯᠲᠠ ᠠᠴᠠ ᠥᠨᠥᠳᠥᠷ ᠤᠨ ︽ᠣᠨᠢᠨ ᠳᠡᠭᠡᠷ᠎ᠡ | ᠨᠢ ᠳᠤᠰᠤᠯᠭᠠᠨ ᠤᠰᠤᠯᠠᠬᠤ︾ ᠥᠨᠳᠥᠷ ᠪᠦᠲᠦᠮᠵᠢᠲᠡᠶ ᠬᠤᠪᠢᠷᠠᠯᠲᠠ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ | ᠠᠵᠤ ᠠᠬᠤᠶᠢᠯᠠᠯ ᠵᠢᠴᠢ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ ᠪᠠᠶᠢᠨ᠎ᠠ᠃ |