ᠣᠶᠢᠷ᠎ᠠ ᠳᠤ᠂ ᠣᠯᠠᠨ ᠤᠯᠤᠰ ᠤᠨ ᠲᠦᠷᠭᠡᠨ ᠭᠤᠪᠢᠭᠤᠯᠭ᠎ᠠ ᠶᠢᠨ ᠲᠤᠬᠠᠶᠢᠯᠠᠭᠰᠠᠨ ᠠᠵᠢᠯ ᠡᠵᠡᠩᠨᠡᠵᠦ ᠪᠠᠶᠢᠭ᠎ᠠ ᠠᠵᠤ ᠠᠬᠤᠶᠢᠯᠠᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ ᠣᠯᠠᠨ ᠤᠯᠤᠰ ᠤᠨ ᠲᠦᠷᠭᠡᠨ ᠭᠤᠪᠢᠭᠤᠯᠭ᠎ᠠ ᠶᠢᠨ ᠲᠤᠬᠠᠶᠢᠯᠠᠭᠰᠠᠨ ᠠᠵᠢᠯ ᠡᠵᠡᠩᠨᠡᠵᠦ ᠪᠠᠶᠢᠭ᠎ᠠ ᠠᠵᠤ ᠠᠬᠤᠶᠢᠯᠠᠯ ᠳᠤ ᠬᠦᠷᠴᠦ | ᠭᠦᠨᠵᠡᠭᠡᠶᠢᠷᠡᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠥᠷᠨᠢᠭᠦᠯᠵᠡᠢ᠃ | ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠴᠠᠭᠠᠬᠤ ᠳᠤᠭᠤᠶᠢᠯᠠᠩ ᠲᠤᠬᠠᠢ ᠶᠢᠨ ᠲᠠᠯᠠᠪᠠᠶ ᠳᠤ ᠣᠯᠠᠨ | ᠤᠯᠤᠰ ᠤᠨ ᠲᠦᠷᠭᠡᠨ ᠭᠤᠪᠢᠭᠤᠯᠭ᠎ᠠ ᠶᠢᠨ ᠲᠤᠬᠠᠶᠢᠯᠠᠭᠰᠠᠨ ᠠᠵᠢᠯ ᠡᠵᠡᠩᠨᠡᠵᠦ ᠪᠠᠶᠢᠭ᠎ᠠ ᠠᠵᠤ ᠠᠬᠤᠶᠢᠯᠠᠯ ᠤᠨ ᠡᠵᠡᠩᠨᠡᠯᠲᠡ ᠶᠢᠨ ᠬᠢᠷᠢ ᠭᠡᠮ᠂ ᠠᠶᠤᠯᠭᠦᠢ | ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ︽ᠭᠤᠷᠪᠠᠨ ᠵᠦᠢᠯ ᠤᠨ ᠳᠦᠷᠢᠮ︾ ᠢ ᠬᠡᠷᠡᠭᠵᠢᠭᠦᠯᠦᠭᠰᠡᠨ ᠪᠠᠶᠢᠳᠠᠯ᠂ ᠠᠮᠤᠷ | ᠲᠦᠪᠰᠢᠨ ᠤ ᠬᠥᠮᠦᠵᠢᠯ ᠪᠣᠯᠪᠠᠰᠤᠷᠠᠯ ᠵᠢᠴᠢ ᠭᠤᠪᠢᠭᠤᠯᠬᠤ ᠶᠢ ᠴᠠᠭᠠᠵᠠᠯᠠᠭᠰᠠᠨ ᠡᠳ᠋ ᠪᠣᠳᠠᠰ ᠪᠠ ᠦᠢᠯᠡᠴᠢᠯᠡᠭᠡᠨ ᠤ ᠭᠤᠣᠯ ᠴᠣᠭᠴᠠ ᠶᠢᠨ ᠬᠠᠮᠢᠶᠠᠷᠤᠯᠲᠠ | ᠡᠵᠡᠮᠳᠡᠯ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠪᠠᠶᠢᠴᠠᠭᠠᠨ᠂ ᠢᠯᠡᠷᠡᠭᠦᠯᠦᠭᠰᠡᠨ ᠠᠰᠠᠭᠤᠳᠠᠯ ᠳᠤ ᠲᠤᠬᠠᠢ ᠶᠢᠨ ᠲᠠᠯᠠᠪᠠᠢ ᠳᠤ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠠᠢ᠃ ᠡᠭᠦᠨ ᠤ ᠬᠠᠮᠲᠤ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ︽ᠭᠤᠷᠪᠠᠨ ᠵᠦᠢᠯ ᠤᠨ | ᠳᠦᠷᠢᠮ︾ ᠢ ᠴᠢᠩᠭ᠎ᠠ ᠬᠡᠷᠡᠭᠵᠢᠭᠦᠯᠵᠦ᠂ ᠦᠨᠡᠨ ᠨᠡᠷ᠎ᠡ ᠪᠠᠷ ᠲᠤᠰᠴᠤ ᠭᠤᠪᠢᠭᠤᠯᠬᠤ ᠶᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ | ᠬᠢᠨᠠᠮᠠᠭᠠᠢ ᠵᠣᠬᠢᠶᠠᠨ ᠪᠠᠶᠢᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ᠭᠤᠪᠢᠭᠤᠯᠬᠤ ᠶᠢ ᠴᠠᠭᠠᠵᠠᠯᠠᠭᠰᠠᠨ ᠡᠳ᠋ ᠪᠣᠳᠠᠰ ᠢ ᠭᠤᠪᠢᠭᠤᠯᠬᠤ ᠶᠢ ᠡᠷᠡᠰ | ᠴᠠᠭᠠᠵᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠴᠢᠩᠭᠠᠷᠠᠭᠤᠯᠵᠤ᠂ ᠠᠶᠤᠯᠭᠦᠢ ᠶᠢᠨ ᠬᠥᠮᠦᠵᠢᠯ ᠪᠣᠯᠪᠠᠰᠤᠷᠠᠯ᠂ ᠬᠦᠨᠳᠦ ᠶᠡᠭᠡ | ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠭᠡᠷ ᠪᠠᠶᠢᠰᠢᠩ ᠬᠢᠭᠡᠳ ᠲᠡᠷᠭᠡ ᠬᠥᠰᠬᠡ ᠶᠢᠨ ᠵᠠᠮ ᠬᠠᠷᠢᠯᠴᠠᠭᠠᠨ ᠤ | ᠠᠮᠤᠷ ᠲᠦᠪᠰᠢᠨ᠂ ᠭᠠᠯ ᠤᠨᠲᠠᠷᠠᠭᠠᠵᠤ ᠠᠶᠤᠯ ᠠᠴᠠ ᠵᠠᠶᠢᠯᠠᠭᠤᠯᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠶᠤᠯᠭᠦᠢ ᠶᠢᠨ ᠴᠢᠳᠠᠪᠤᠷᠢ ᠪᠣᠯᠣᠨ | ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠦᠢᠯᠡᠴᠢᠯᠡᠭᠡᠨ ᠤ ᠭᠤᠣᠯ ᠴᠣᠭᠴᠠ ᠶᠢᠨ | ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠢ ᠱᠠᠭᠠᠷᠳᠠᠵᠠᠢ᠃ | ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠱᠠᠭᠠᠷᠳᠠᠯᠭ᠎ᠠ ᠶᠣᠰᠣᠭᠠᠷ ᠣᠯᠠᠨ ᠤᠯᠤᠰ ᠤᠨ ᠲᠦᠷᠭᠡᠨ | ᠭᠤᠪᠢᠭᠤᠯᠭ᠎ᠠ ᠶᠢᠨ ᠲᠤᠬᠠᠶᠢᠯᠠᠭᠰᠠᠨ ᠠᠵᠢᠯ ᠢ ᠡᠵᠡᠩᠨᠡᠵᠦ ᠪᠠᠶᠢᠭ᠎ᠠ ᠠᠵᠤ ᠠᠬᠤᠶᠢᠯᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠠᠮᠤᠷ ᠲᠦᠪᠰᠢᠨ ᠤ | ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠭᠤᠪᠢᠭᠤᠯᠭ᠎ᠠ ᠶᠢᠨ ᠠᠮᠤᠷ ᠲᠦᠪᠰᠢᠨ ᠢ ᠪᠠᠲᠤᠯᠠᠵᠤ ᠪᠤᠢ᠃ | |