ᠮᠠᠨ ᠤ ᠣᠷᠣᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠳᠤ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢᠴᠡᠳᠬᠡᠬᠦ AI ᠣᠶᠤᠨᠴᠢ ᠦᠢᠯᠡᠴᠢᠯᠡᠭᠡ ᠬᠠᠩᠭᠠᠵᠤ ᠡᠬᠢᠯᠡᠵᠡᠢ
ᠨᠡᠶᠢᠲᠡᠯᠡᠭᠰᠡᠨ ᠴᠠᠭ᠄
2025/5/7
    ᠣᠶᠢᠷ᠎ᠠ ᠳᠤ᠂ ᠮᠠᠨ ᠤ ᠣᠷᠣᠨ ︽ᠵᠣᠬᠢᠶᠠᠮᠠᠯ ᠣᠶᠤᠨ ᠴᠢᠳᠠᠪᠤᠷᠢ + ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ︾ ᠶᠢᠨ ᠵᠠᠭᠪᠤᠷ ᠢ ᠲᠦᠷᠭᠡᠳᠬᠡᠨ ᠰᠦᠪᠡᠭᠴᠢᠯᠡᠨ ᠠᠬᠢᠭᠤᠯᠬᠤ ᠶᠢᠨ ᠲᠥᠯᠥᠭᠡ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠳᠤ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢᠴᠡᠳᠬᠡᠬᠦ AI ᠣᠶᠤᠨᠴᠢ ᠦᠢᠯᠡᠴᠢᠯᠡᠭᠡ ᠬᠠᠩᠭᠠᠵᠤ ᠡᠬᠢᠯᠡᠵᠡᠢ᠃     ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠢᠩᠬᠢᠮ ᠳᠤ ᠲᠦᠰᠢᠭᠯᠡᠨ᠂ DeepseekAI  ᠳ᠋ᠠᠶᠢᠲ᠋ᠠ ᠶᠢᠨ ᠵᠠᠭᠪᠤᠷ ᠢ ᠵᠠᠯᠭᠠᠨ ᠣᠷᠣᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂  ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ︾᠂ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ︾᠂ ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠳᠦᠷᠢᠮ︾  ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ  ᠥᠪᠡᠷᠲᠡᠭᠡᠨ ᠵᠠᠰᠠᠬᠤ ᠣᠷᠣᠨ ᠤ ᠪᠦᠭᠦ ᠲᠥᠷᠥᠯ ᠭᠡᠯᠪᠡᠷᠢ ᠶᠢᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠤᠨ ᠠᠬᠤᠢ ᠪᠠᠶᠢᠳᠠᠯ ᠲᠠᠢ ᠤᠶᠠᠯᠳᠤᠭᠤᠯᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠰᠬᠠᠢ ᠮᠡᠷᠭᠡᠵᠢᠯ ᠤᠨ ᠮᠡᠳᠡᠯᠭᠡ ᠶᠢᠨ ᠬᠥᠮᠥᠷᠭᠡ ᠶᠢ ᠪᠦᠷᠢᠯᠳᠦᠭᠦᠯᠵᠦ᠂ 24 ᠴᠠᠭ ᠤᠨ ᠰᠦᠯᠵᠢᠶᠡᠨ ᠳᠡᠭᠡᠷᠡᠬᠢ ᠣᠶᠤᠨᠴᠢ ᠦᠢᠯᠡᠴᠢᠯᠡᠭᠡ ᠭᠠᠷᠭᠠᠵᠤ᠂ 4 ᠰᠠᠷ᠎ᠠ ᠶᠢᠨ 23 ᠤ ᠡᠳᠦᠷ ᠠᠴᠠ ᠡᠬᠢᠯᠡᠨ ᠲᠤᠷᠰᠢᠨ ᠠᠵᠢᠯᠯᠠᠭᠤᠯᠪᠠ᠃  AI ᠣᠶᠤᠨᠴᠢ ᠦᠢᠯᠡᠴᠢᠯᠡᠭᠡ ᠨᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ  ᠤᠨ ᠭᠦᠢᠴᠡᠳᠬᠡᠬᠦ ᠳᠡᠰ ᠳᠠᠷᠠᠭᠠᠯᠠᠯ᠂ ᠭᠦᠢᠴᠡᠳᠬᠡᠬᠦ ᠴᠠᠭ ᠤᠨ ᠬᠢᠵᠠᠭᠠᠷ᠂ ᠴᠢᠬᠤᠯᠠ ᠮᠠᠲ᠋ᠧᠷᠢᠶᠠᠯ ᠤᠨ ᠨᠠᠷᠢᠨ ᠬᠠᠭᠤᠳᠠᠰᠤ᠂ ᠰᠦᠢᠳᠬᠡᠯ ᠬᠤᠷᠢᠶᠠᠬᠤ ᠪᠠᠷᠢᠮᠵᠢᠶ᠎ᠠ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠡᠳᠦᠨ ᠶᠡᠭᠡ ᠲᠥᠷᠥᠯ ᠤᠨ ᠠᠰᠠᠭᠤᠳᠠᠯ ᠳᠤ ᠠᠦ᠋ᠲ᠋ᠣ᠋ ᠬᠠᠷᠢᠭᠤᠯᠲᠠ ᠥᠭᠴᠦ᠂ ᠠᠵᠤ ᠠᠬᠤᠶᠢᠯᠠᠯ ᠣᠯᠠᠨ ᠲᠦᠮᠡᠨ ᠤ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ᠣᠶᠤᠨᠴᠢ᠂ ᠥᠨᠳᠥᠷ ᠪᠦᠲᠦᠮᠵᠢᠳᠠᠢ ᠯᠠᠪᠯᠠᠯᠲᠠ ᠬᠠᠩᠭᠠᠨ᠎ᠠ᠃ ᠬᠡᠷᠡᠭᠯᠡᠭᠴᠢ ᠵᠥᠪᠭᠡᠨ ︽ᠮᠥᠩᠬᠡ ᠰᠤᠪᠠᠭ︾ APP ᠳᠤ ᠳᠠᠩᠰᠠᠯᠠᠭᠤᠯᠤᠨ ᠥᠯᠥ ᠬᠥᠳᠡᠯᠬᠦ ᠬᠥᠷᠥᠩᠭᠡ ᠶᠢᠨ ᠲᠤᠰᠬᠠᠢ ᠲᠣᠭᠤᠷᠢᠭ ᠲᠤ ᠣᠷᠣᠵᠤ᠂ ᠲᠤᠬᠠᠢ ᠶᠢᠨ ᠨᠢᠭᠤᠷ ᠤᠨ ᠪᠠᠷᠠᠭᠤᠨ ᠳᠣᠣᠷ᠎ᠠ ᠲᠠᠯ᠎ᠠ ᠳᠠᠬᠢ AI ᠣᠶᠤᠨᠴᠢ ᠦᠢᠯᠡᠴᠢᠯᠡᠭᠡᠨ ᠤ ᠵᠢᠷᠤᠭ ᠲᠡᠮᠳᠡᠭ ᠢ ᠲᠣᠪᠴᠢᠳᠠᠪᠠᠯ ᠳᠠᠷᠤᠢ ᠠᠰᠠᠭᠤᠨ ᠯᠠᠪᠯᠠᠵᠤ᠂ ᠳᠤᠷᠠᠳᠤᠭᠰᠠᠨ ᠠᠰᠠᠭᠤᠯᠳᠠ ᠳᠠᠭᠠᠨ ᠲᠣᠬᠢᠷᠠᠯᠴᠠᠭᠰᠠᠨ  ᠬᠠᠨᠤᠮᠵᠢᠳᠠᠢ ᠬᠠᠷᠢᠭᠤᠯᠲᠠ ᠣᠯᠵᠤ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ