ᠮᠠᠨ ᠤ ᠣᠷᠣᠨ ︽ᠬᠤᠮᠠᠬᠢ ᠠᠮᠢᠳᠤ ᠪᠣᠳᠠᠰ ᠢ ᠰᠢᠨᠵᠢᠯᠡᠨ ᠪᠠᠶᠢᠴᠠᠭᠠᠬᠤ ᠣᠶᠤᠨᠴᠢ ᠠᠷᠭ᠎ᠠ ᠶᠢᠨ ᠤᠨᠤᠯ︾ ᠢ ᠰᠢᠨ᠎ᠡ ᠶᠢ ᠡᠭᠦᠳᠬᠦ ᠴᠢᠨᠠᠷᠲᠠᠢ ᠪᠠᠷ ᠳᠤᠷᠠᠳᠤᠨ ᠭᠠᠷᠭᠠᠪᠠ
ᠨᠡᠶᠢᠲᠡᠯᠡᠭᠰᠡᠨ ᠴᠠᠭ᠄
2025/5/7
    ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠢ ᠰᠢᠯᠭᠠᠨ ᠪᠠᠶᠢᠴᠠᠭᠠᠵᠤ ᠰᠤᠳᠤᠯᠬᠤ ᠬᠦᠷᠢᠶᠡᠯᠡᠩ ᠣᠶᠢᠷ᠎ᠠ ᠳᠤ︽ᠵᠣᠬᠢᠶᠠᠮᠠᠯ ᠤᠶᠤᠨ ᠴᠢᠳᠠᠪᠤᠷᠢ  ᠪᠠᠷ ᠬᠥᠳᠡᠯᠭᠡᠭᠦᠷ ᠪᠤᠯᠭᠠᠬᠰᠠᠨ ᠡᠮ ᠤᠨ ᠵᠦᠢᠯᠡᠰ ᠤᠨ ᠬᠤᠮᠠᠬᠢ ᠠᠮᠢᠳᠤ ᠪᠣᠳᠠᠰ ᠤᠨ ᠲᠤᠷᠰᠢᠯᠲᠠ ᠶᠢᠨ ᠲᠠᠰᠤᠭ ᠤᠨ ᠣᠶᠤᠨᠴᠢᠯᠠᠭᠰᠠᠨ ᠬᠠᠮᠢᠶᠠᠷᠤᠯᠲᠠ  ᠶᠢᠨ ᠲᠠᠪᠴᠠᠩ︾ ᠭᠡᠬᠦ ᠲᠦᠷᠦᠯ ᠵᠦᠢᠯ ᠳᠡᠭᠡᠨ ︽ᠬᠤᠮᠠᠬᠢ ᠠᠮᠢᠳᠤ ᠪᠣᠳᠠᠰ ᠢ ᠰᠢᠨᠵᠢᠯᠡᠨ ᠪᠠᠶᠢᠴᠠᠭᠠᠬᠤ ᠣᠶᠤᠨᠴᠢ ᠠᠷᠭ᠎ᠠ ᠶᠢᠨ ᠤᠨᠤᠯ︾ ᠢ ᠰᠢᠨ᠎ᠡ ᠶᠢ ᠡᠭᠦᠳᠬᠦ ᠴᠢᠨᠠᠷᠲᠠᠢ ᠪᠠᠷ ᠳᠤᠷᠠᠳᠤᠨ ᠭᠠᠷᠭᠠᠵᠤ᠂ ︽2025 ᠣᠨ ᠤ ᠪᠦᠭᠦ ᠤᠯᠤᠰ ᠤᠨ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ︾ ᠤ ᠬᠦᠷᠢᠶ᠎ᠡ ᠴᠠᠷᠠᠭ᠎ᠠ ᠶᠢᠨ ᠤᠷᠤᠯᠳᠤᠭᠠᠨ ᠳᠤ ᠣᠷᠤᠯᠴᠠᠬᠤ ᠬᠢᠷᠢ ᠭᠡᠮ ᠢ ᠣᠯᠪᠠ᠃    ᠡᠨᠡ ᠪᠣᠯ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠢ ᠰᠢᠯᠭᠠᠨ ᠪᠠᠶᠢᠴᠠᠭᠠᠵᠤ ᠰᠤᠳᠤᠯᠬᠤ ᠬᠦᠷᠢᠶᠡᠯᠡᠩ ᠠᠩᠬ᠎ᠠ ᠤᠳᠠᠭ᠎ᠠ ᠵᠣᠬᠢᠶᠠᠮᠠᠯ ᠤᠶᠤᠨ ᠴᠢᠳᠠᠪᠤᠷᠢ ᠬᠢᠭᠡᠳ ᠠᠮᠢ ᠨᠠᠰᠤᠨ ᠤ ᠡᠷᠡᠭᠦᠯ ᠮᠡᠨᠳᠦ ᠰᠣᠯᠪᠢᠴᠠᠭᠰᠠᠨ ᠬᠦᠷᠢᠶ᠎ᠡ ᠶᠢᠨ ᠤᠯᠤᠰ ᠤᠨ ᠳᠡᠰ ᠤᠨ ᠤᠷᠤᠯᠳᠤᠭᠠᠨ ᠳᠤ ᠣᠷᠤᠯᠴᠠᠬᠤ ᠬᠢᠷᠢ ᠭᠡᠮ ᠢ ᠣᠯᠵᠤ ᠪᠠᠶᠢᠭ᠎ᠠ ᠶᠠᠪᠤᠳᠠᠯ ᠪᠠᠶᠢᠵᠤ᠂ ᠲᠤᠰ ᠰᠤᠳᠤᠯᠬᠤ ᠬᠦᠷᠢᠶᠡᠯᠡᠩ ᠤᠨ ᠰᠢᠨ᠎ᠡ ᠶᠢ ᠡᠭᠦᠳᠬᠦ ᠴᠢᠳᠠᠪᠤᠷᠢ ᠶᠢ ᠭᠦᠢᠴᠡᠳ ᠬᠠᠷᠠᠭᠤᠯᠵᠤ ᠪᠤᠢ᠃    ᠣᠶᠢᠯᠠᠭᠠᠭᠰᠠᠨ ᠢᠶᠠᠷ᠂ ᠪᠦᠭᠦ ᠤᠯᠤᠰ ᠤᠨ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠪᠣᠯ ᠭᠤᠣᠯᠯᠠᠬᠤ ᠮᠡᠷᠭᠡᠵᠢᠯ ᠳᠤ ᠳᠠᠪᠠᠯᠳᠠᠳᠤ ᠴᠢᠨᠠᠷᠲᠠᠢ ᠰᠢᠨᠡᠴᠢᠯᠡᠯᠲᠡ ᠬᠢᠬᠦ ᠪᠤᠶᠤ ︽ᠡᠵᠡᠭᠦᠢ ᠣᠷᠣᠨ︾ ᠳᠤ ᠨᠡᠭᠡᠭᠡᠯᠲᠡᠲᠤ ᠴᠢᠨᠠᠷᠲᠠᠢ ᠰᠦᠪᠡᠭᠴᠢᠯᠡᠯᠲᠡ ᠬᠢᠵᠦ᠂ ᠮᠡᠷᠭᠡᠵᠢᠯ  ᠤᠨ ᠬᠤᠰᠢᠭᠤᠴᠢ ᠪᠠᠶᠢᠷᠢ ᠪᠠ ᠳᠠᠪᠠᠭᠤᠯᠢᠭ ᠪᠠᠶᠢᠷᠢ ᠶᠢ ᠡᠵᠡᠯᠡᠬᠦ ᠪᠠᠷ ᠵᠣᠷᠢᠯᠲᠠ ᠪᠤᠯᠭᠠᠬᠰᠠᠨ ᠪᠦᠭᠦ ᠤᠯᠤᠰ ᠤᠨ ᠴᠢᠨᠠᠷᠲᠠᠢ ᠤᠷᠤᠯᠳᠤᠭᠠᠨ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠢ ᠰᠢᠯᠭᠠᠨ ᠪᠠᠶᠢᠴᠠᠭᠠᠵᠤ ᠰᠤᠳᠤᠯᠬᠤ ᠬᠦᠷᠢᠶᠡᠯᠡᠩ ᠤᠨ ᠲᠤᠰ ᠤᠳᠠᠭ᠎ᠠ ᠶᠢᠨ ᠤᠷᠤᠯᠳᠤᠭᠠᠨ ᠳᠤ ᠳᠡᠪᠰᠢᠭᠦᠯᠦᠭᠰᠡᠨ ︽ᠵᠣᠬᠢᠶᠠᠮᠠᠯ ᠤᠶᠤᠨ ᠴᠢᠳᠠᠪᠤᠷᠢ ᠪᠠᠷ ᠬᠥᠳᠡᠯᠭᠡᠭᠦᠷ ᠪᠤᠯᠭᠠᠬᠰᠠᠨ ᠡᠮ ᠤᠨ ᠵᠦᠢᠯᠡᠰ ᠤᠨ ᠬᠤᠮᠠᠬᠢ ᠠᠮᠢᠳᠤ ᠪᠣᠳᠠᠰ ᠤᠨ ᠲᠤᠷᠰᠢᠯᠲᠠ  ᠶᠢᠨ ᠲᠠᠰᠤᠭ ᠤᠨ ᠣᠶᠤᠨᠴᠢᠯᠠᠭᠰᠠᠨ ᠬᠠᠮᠢᠶᠠᠷᠤᠯᠲᠠ ᠶᠢᠨ ᠲᠠᠪᠴᠠᠩ︾ ᠨᠢ ᠤᠯᠠᠮᠵᠢᠯᠠᠯᠲᠤ ᠲᠤᠷᠰᠢᠯᠲᠠ ᠶᠢᠨ ᠲᠠᠰᠤᠭ ᠤᠨ ᠬᠥᠮᠥᠨ ᠤ ᠲᠤᠷᠰᠢᠯᠭ᠎ᠠ ᠳᠤ ᠬᠡᠲᠦᠷᠬᠡᠢ ᠨᠠᠶᠢᠳᠠᠬᠤ᠂ ᠦᠷ᠎ᠡ ᠪᠦᠲᠦᠮᠵᠢ ᠬᠠᠷᠢᠴᠠᠩᠭᠤᠢ ᠠᠨᠠᠢ ᠵᠡᠷᠭᠡ ᠠᠰᠠᠭᠤᠳᠠᠯ ᠳᠤ ᠰᠢᠭᠤᠳ ᠴᠢᠭᠯᠡᠭᠦᠯᠦᠨ ᠣᠶᠤᠨᠲᠤ ᠪᠣᠳᠣᠯᠲᠠ ᠶᠢᠨ ᠠᠷᠭ᠎ᠠ ᠪᠠᠷ ᠪᠠᠷᠢᠮᠵᠢᠶᠠᠵᠢᠭᠰᠠᠨ ᠲᠥᠰᠥᠯ ᠢ ᠳᠠᠷᠤᠢ ᠲᠦᠷᠭᠡᠨ ᠠᠦ᠋ᠲ᠋ᠣ᠋ ᠪᠠᠷ ᠪᠦᠲᠦᠭᠡᠬᠦ ᠶᠢᠨ ᠬᠠᠮᠲᠤ ᠳ᠋ᠠᠶᠢᠲ᠋ᠠ ᠶᠢ ᠨᠢᠭᠤᠴᠠᠯᠠᠬᠤ ᠮᠡᠷᠭᠡᠵᠢᠯ ᠢ ᠠᠰᠢᠭᠯᠠᠨ ᠶᠠᠪᠤᠴᠠ  ᠶᠢᠨ ᠳᠦᠷᠢᠮ ᠳᠤ ᠨᠡᠶᠢᠴᠡᠬᠦ ᠶᠢ ᠪᠠᠲᠤᠯᠠᠵᠤ᠂ 30 ᠰᠧᠺᠦ᠋ᠨ᠋ᠳ᠋ ᠤᠨ ᠳᠣᠲᠣᠷ᠎ᠠ ᠪᠣᠬᠢᠷᠳᠤᠯ ᠤᠨ ᠲᠦᠭᠰᠢᠭᠦᠷᠢ ᠶᠢ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠭᠦ ᠶᠢ ᠪᠡᠶᠡᠯᠡᠭᠦᠯᠦᠨ᠂ ᠪᠦᠭᠦ ᠤᠯᠤᠰ ᠤᠨ ᠡᠮ ᠤᠨ ᠵᠦᠢᠯᠡᠰ ᠤᠨ ᠬᠤᠮᠠᠬᠢ ᠠᠮᠢᠳᠤ ᠪᠣᠳᠠᠰ ᠢ ᠰᠢᠨᠵᠢᠯᠡᠨ ᠪᠠᠶᠢᠴᠠᠭᠠᠬᠤ ᠲᠤᠷᠰᠢᠯᠲᠠ ᠶᠢᠨ ᠲᠠᠰᠤᠭ ᠤᠨ ᠣᠶᠤᠨᠴᠢᠯᠠᠭᠰᠠᠨ ᠲᠡᠶᠢᠰᠢ ᠳᠡᠰ ᠳᠡᠪᠰᠢᠬᠦ ᠳᠤ ᠳᠡᠯᠭᠡᠷᠡᠭᠦᠯᠵᠦ ᠪᠣᠯᠬᠤᠶᠢᠴᠠ ︽ᠥᠪᠥᠷ ᠮᠣᠩᠭᠤᠯ ᠤᠨ ᠲᠥᠰᠥᠯ︾ ᠢ ᠬᠠᠩᠭᠠᠪᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ