| ︽5·1︾ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ᠤ ᠰᠣᠶᠣᠯ ᠵᠢᠭᠤᠯᠴᠢᠯᠠᠯ ᠦᠢᠯᠡᠳᠬᠦᠨ ᠤ ᠬᠠᠩᠭᠠᠯᠭ᠎ᠠ ᠪᠠᠨ ᠤᠯᠠᠮ | ᠪᠠᠶᠠᠯᠢᠭᠵᠢᠭᠤᠯᠤᠨ᠂ ᠠᠮᠠᠷᠠᠯᠲᠠ ᠶᠢᠨ ᠡᠳᠦᠷ ᠤᠨ ᠠᠵᠤ ᠠᠬᠤᠢ ᠶᠢ ᠪᠦᠭᠦ ᠲᠠᠯ᠎ᠠ ᠪᠠᠷ ᠬᠥᠭᠵᠢᠭᠡᠵᠦ᠂ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ | ᠨᠡᠶᠢᠳᠡ 1660 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.53% ᠪᠠᠷ ᠨᠡᠮᠡᠭᠳᠡᠨ᠂ | ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠷᠤᠯᠭ᠎ᠠ 118.24 ᠳ᠋ᠦᠩᠰᠢᠭᠤᠷ ᠲᠥᠭᠦᠷᠢᠭ ᠢ ᠳᠠᠪᠠᠵᠤ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 11.12% ᠢᠶᠠᠷ ᠨᠡᠮᠡᠭᠳᠡᠪᠡ᠃ | ᠮᠠᠨ ᠤ ᠣᠷᠣᠨ ︽5·1︾ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠳᠤ ᠵᠣᠷᠢᠭᠤᠯᠤᠨ ︽ᠤᠷᠤᠯᠳᠤᠭᠠᠨ ᠢ ᠳᠠᠭᠠᠵᠤ ᠵᠢᠭᠤᠯᠴᠢᠯᠠᠬᠤ︾ | ᠂ ︽ᠤᠩᠰᠢᠯᠭ᠎ᠠ ᠬᠢᠵᠦ ᠵᠢᠭᠤᠯᠴᠢᠯᠠᠬᠤ︾᠂ ︽ᠪᠣᠳᠠᠰ ᠤᠨ ᠪᠤᠰᠤ ᠰᠣᠶᠣᠯ ᠤᠨ ᠥᠪ ᠢ ᠳᠠᠭᠠᠵᠤ ᠵᠢᠭᠤᠯᠴᠢᠯᠠᠬᠤ︾᠂ ︽ᠦᠵᠡᠭᠦᠯᠭᠡ ᠶᠢ ᠳᠠᠭᠠᠵᠤ | ᠵᠢᠭᠤᠯᠴᠢᠯᠠᠬᠤ︾᠂ ︽ᠣᠷᠳᠣᠨ ᠮᠦᠽᠧᠢ ᠶᠢ ᠵᠣᠷᠢᠵᠤ ᠵᠢᠭᠤᠯᠴᠢᠯᠠᠬᠤ︾᠂ ︽ᠲᠣᠬᠯᠠᠯᠲᠠ ᠶᠢ ᠳᠠᠭᠠᠵᠤ ᠵᠢᠭᠤᠯᠴᠢᠯᠠᠬᠤ︾᠂ ︽ᠠᠮᠲᠠᠲᠤ ᠢᠳᠡᠭᠡᠨ ᠢ | ᠳᠠᠭᠠᠵᠤ ᠵᠢᠭᠤᠯᠴᠢᠯᠠᠬᠤ︾ ᠵᠡᠷᠭᠡ 7 ᠭᠤᠣᠯ ᠰᠡᠳᠦᠪ ᠢᠶᠠᠷ 503 ᠵᠦᠢᠯ ᠤᠨ ᠥᠪᠡᠷᠮᠢᠴᠡ ᠣᠨᠴᠠᠯᠢᠭ ᠲᠠᠢ ᠰᠢᠨ᠎ᠡ ᠰᠡᠪᠡᠭᠦᠨ ᠰᠣᠶᠣᠯ ᠵᠢᠭᠤᠯᠴᠢᠯᠠᠯ | ᠤᠨ ᠠᠵᠢᠯᠯᠠᠭ᠎ᠠ ᠥᠷᠨᠢᠭᠦᠯᠵᠦ᠂ ᠡᠯ᠎ᠡ ᠭᠠᠵᠠᠷ ᠤᠨ ᠬᠢᠨ ᠬᠡᠷᠡᠭᠯᠡᠭᠡᠨ ᠤ ᠰᠢᠨ᠎ᠡ ᠪᠠᠶᠢᠳᠠᠯ᠂ ᠰᠢᠨ᠎ᠡ ᠦᠢᠯᠡᠳᠬᠦᠨ᠂ ᠰᠢᠨ᠎ᠡ ᠪᠡᠶᠡᠴᠢ ᠣᠶᠢᠯᠠᠭᠠᠯᠲᠠ ᠲᠠᠢ | ᠲᠦᠷᠦᠯ ᠵᠦᠢᠯ ᠢ ᠵᠠᠯᠭᠠᠭ᠎ᠠ ᠪᠠᠷ ᠲᠣᠬᠢᠷᠠᠭᠤᠯᠤᠨ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠦᠴᠦᠲᠡᠢ ᠬᠥᠭᠵᠢᠭᠡᠪᠡ᠃ ᠭᠦᠭᠡᠬᠤᠳᠠ ᠶᠢᠨ ᠮᠤᠨᠢ ᠠᠭᠤᠯᠠ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ | ᠪᠠᠯᠭᠠᠰᠤᠨ ᠳᠠᠬᠢ ᠲᠣᠮᠣ ᠭᠡᠯᠪᠡᠷᠢ ᠶᠢᠨ ᠦᠵᠡᠭᠳᠡᠯᠲᠦ ᠵᠦᠴᠦᠭᠡ ︽ᠮᠤᠨᠢ ᠠᠭᠤᠯᠠ ᠶᠢᠨ ᠮᠠᠭᠲᠠᠭᠠᠯ︾ ᠪᠠ ᠪᠣᠭᠤᠮᠲᠠ ᠶᠢᠨ ᠬᠠᠭᠤᠴᠢᠨ ᠵᠡᠭᠡᠯᠢ ᠶᠢᠨ︽ | ᠵᠢᠷᠭᠤᠳᠤᠭᠠᠷ ᠬᠤᠭᠤᠴᠠᠭᠠᠨ ᠤ ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ︾᠂ ᠪᠤᠭᠤᠲᠤ ᠬᠤᠳᠠ ᠶᠢᠨ ᠪᠣᠳᠠᠰ ᠤᠨ ᠪᠤᠰᠤ ᠰᠣᠶᠣᠯ ᠤᠨ | ᠡᠭᠦᠳᠦᠯᠲᠡ ᠶᠢᠨ ᠴᠤᠭᠯᠠᠭᠠᠨ᠂ ᠵᠠᠯᠠᠨ ᠠᠶᠢᠯ ᠬᠤᠲᠠ ᠶᠢᠨ ︽ᠬᠤᠷᠴᠠ ᠤᠯᠠᠭᠠᠨ ᠴᠡᠴᠡᠭ ᠰᠣᠨᠢᠷᠬᠠᠬᠤ ᠤᠯᠠᠷᠢᠯ︾ ᠤᠨ ᠮᠣᠲ᠋ᠣᠷ ᠲᠡᠷᠭᠡᠨ ᠤ ᠮᠠᠩᠯᠠᠢ | ᠰᠢᠯᠭᠠᠷᠠᠭᠤᠯᠬᠤ ᠤᠷᠤᠯᠳᠤᠭᠠᠨ᠂ ᠮᠠᠨᠵᠤᠤᠷ ᠬᠤᠳᠠ ᠶᠢᠨ ᠮᠠᠨᠤ ᠬᠠᠰ ᠴᠢᠯᠠᠭᠤᠨ ᠤ ᠦᠵᠡᠭᠦᠯᠭ᠊᠂ ᠪᠠᠶᠠᠨᠨᠠᠭᠤᠷ ᠬᠤᠲᠠ ᠶᠢᠨ ︽ᠥᠪᠡᠷ ᠢᠶᠠᠨ ᠮᠠᠰᠢᠨ | ᠪᠠᠷᠢᠵᠤ ᠲᠠᠯ᠎ᠠ ᠨᠤᠲᠤᠭ ᠲᠤ ᠵᠢᠭᠤᠯᠴᠢᠯᠠᠨ ᠪᠠᠭᠤᠳᠠᠯᠯᠠᠬᠤ︾ ᠵᠡᠷᠭᠡ ᠤᠯᠠᠨ ᠰᠠᠶᠢᠬᠠᠨ ᠠᠵᠢᠯᠯᠠᠭ᠎ᠠ ᠨᠢ ᠵᠢᠭᠤᠯᠴᠢᠯᠠᠬᠰᠠᠳ ᠤᠨ ᠬᠦᠷᠢᠶᠡᠯᠡᠯ ᠢ ᠣᠯᠣᠭᠰᠠᠨ | ᠪᠠᠶᠢᠨ᠎ᠠ᠃ | ᠰᠢᠶᠧ ᠴᠧᠩ ᠰᠦᠯᠵᠢᠶᠡᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ︽5·1︾ ᠤ ᠠᠮᠠᠷᠠᠯᠲᠠ ᠶᠢᠨ ᠬᠤᠭᠤᠴᠠᠭᠠᠨ ᠳᠤ ᠥᠪᠥᠷ ᠮᠣᠩᠭᠤᠯ | ᠤᠨ ᠪᠠᠭᠤᠳᠠᠯ ᠤᠨ ᠵᠠᠬᠢᠶᠠᠯᠠᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 16% ᠪᠠᠷ ᠨᠡᠮᠡᠭᠳᠡᠵᠦ᠂ ᠬᠢᠯᠢ ᠪᠠᠷ ᠣᠷᠣᠵᠤ | ᠵᠢᠭᠤᠯᠴᠢᠯᠠᠬᠤ ᠵᠠᠬᠢᠶᠠᠯᠠᠭ᠎ᠠ ᠶᠢᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 136% ᠪᠠᠷ ᠨᠡᠮᠡᠭᠳᠡᠪᠡ᠃ ᠭᠠᠳᠠᠨ᠎ᠠ ᠮᠤᠵᠢ ᠣᠷᠣᠨ | ᠬᠤᠳᠠ ᠠᠴᠠ ᠥᠪᠥᠷ ᠮᠣᠩᠭᠤᠯ ᠳᠤ ᠢᠷᠡᠭᠰᠡᠨ ᠵᠢᠭᠤᠯᠴᠢᠯᠠᠬᠰᠠᠳ ᠲᠤ ᠪᠡᠭᠡᠵᠢᠩ᠂ ᠲᠢᠶᠠᠨᠵᠢᠨ᠂ ᠱᠠᠩᠬᠠᠢ᠂ ᠰᠢ ᠠᠨ᠂ ᠮᠦᠭᠳᠡᠨ ᠤ ᠵᠢᠭᠤᠯᠴᠢᠯᠠᠭᠴᠢ | ᠬᠠᠮᠤᠭ ᠤᠯᠠᠨ ᠪᠠᠶᠢᠵᠤ᠂ ᠶᠡᠭᠡ ᠵᠣᠣ ᠰᠦᠮ᠎ᠡ᠂ ᠪᠦᠷᠢᠶ᠎ᠡ ᠮᠠᠩᠬ᠎ᠠ᠂ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠤᠯᠠᠭᠠᠨᠬᠠᠳᠠ ᠶᠢᠨ ᠭᠠᠯᠲᠤ | ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ᠂ ᠬᠡᠪᠲᠡᠭᠡ ᠦᠬᠡᠷ ᠤᠨ ᠲᠣᠬᠤᠢ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ | ᠬᠠᠯᠠᠮᠰᠢᠯ ᠦᠵᠡᠮᠵᠢ ᠶᠢᠨ ᠣᠷᠣᠨ ᠪᠣᠯᠵᠤ᠂ ᠲᠡᠦᠬᠡ ᠰᠣᠶᠣᠯ ᠬᠢᠭᠡᠳ ᠪᠠᠶᠢᠭᠠᠯᠢ ᠶᠢᠨ ᠦᠵᠡᠮᠵᠢᠲᠦ ᠭᠠᠵᠠᠷ ᠨᠢ ᠤᠯᠠᠮᠵᠢᠯᠠᠯᠲᠤ ᠵᠤᠭ᠎ᠠ ᠴᠡᠩᠭᠡᠯ ᠤᠨ | ᠲᠠᠯᠠᠪᠤᠷ ᠢ ᠣᠷᠣᠯᠠᠵᠤ᠂ ᠬᠥᠮᠥᠰ ᠤᠨ ᠵᠢᠭᠤᠯᠴᠢᠯᠠᠯ ᠤᠨ ᠰᠢᠨ᠎ᠡ ᠰᠣᠩᠭᠤᠯᠲᠠ ᠪᠣᠯᠵᠠᠢ᠃ | | | |