ᠮᠠᠨ ᠤ ᠣᠷᠣᠨ ᠬᠤᠲᠠ ᠪᠠᠯᠭᠠᠰᠤᠨ ᠤ ᠤᠰᠤ ᠠᠷᠪᠢᠯᠠᠬᠤ ᠲᠤᠰᠬᠠᠢ ᠠᠵᠢᠯᠯᠠᠭ᠎ᠠ ᠶᠢ ᠡᠷᠴᠢᠮᠲᠡᠢ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2025/5/7
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠬᠤᠷᠠᠯᠳᠤᠭᠤᠯᠤᠭᠰᠠᠨ ︽︿ᠵᠢᠷᠭᠤᠭᠠᠨ ᠠᠵᠢᠯᠯᠠᠭ᠎ᠠ﹀ ᠶᠢ ᠭᠦᠨᠵᠡᠭᠡᠢ ᠥᠷᠨᠢᠭᠦᠯᠵᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠵᠢᠱᠢᠶ᠎ᠡ ᠦᠵᠡᠭᠦᠯᠵᠦ ᠳᠠᠶᠢᠴᠢᠯᠡᠨ ᠳᠠᠭᠠᠭᠤᠯᠬᠤ ᠦᠢᠯᠡᠳᠦᠯ ᠢ ᠴᠢᠩᠭᠠᠷᠠᠭᠤᠯᠬᠤ᠂ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠲᠣᠣᠷ ᠤᠨ ᠤᠰᠤ ᠭᠤᠭᠤᠵᠢᠵᠤ ᠰᠦᠢᠳᠬᠦ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠬᠦ᠂ ᠬᠤᠲᠠ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ ᠳᠠᠬᠢᠯᠲᠠ ᠤᠰᠤ ᠶᠢ ᠠᠰᠢᠭᠯᠠᠬᠤ ᠢᠨᠵᠧᠨᠧᠷᠢᠩ ᠢ ᠬᠡᠷᠡᠭᠵᠢᠭᠦᠯᠬᠦ᠂ ᠤᠰᠤ ᠠᠷᠪᠢᠯᠠᠬᠤ ᠮᠡᠷᠭᠡᠵᠢᠯ ᠪᠣᠯᠣᠨ ᠰᠠᠪᠠ ᠬᠡᠷᠡᠭᠰᠡᠯ ᠢ ᠳᠡᠯᠭᠡᠷᠡᠭᠦᠯᠬᠦ᠂ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠵᠡᠷᠭᠡ ᠬᠤᠲᠠ ᠪᠠᠯᠭᠠᠰᠤᠨ ᠤ ᠤᠰᠤ ᠠᠷᠪᠢᠯᠠᠬᠤ ᠲᠤᠰᠬᠠᠢ ᠠᠵᠢᠯᠯᠠᠭ᠎ᠠ ᠶᠢ ᠡᠷᠴᠢᠮᠲᠡᠢ ᠥᠷᠨᠢᠭᠦᠯᠵᠦ  ᠪᠠᠶᠢᠨ᠎ᠠ᠃    ᠡᠨᠡ ᠵᠢᠯ ᠮᠠᠨ ᠤ ᠣᠷᠣᠨ ᠪᠤᠭᠤᠲᠤ ᠬᠤᠲᠠ᠂ ᠤᠯᠠᠭᠠᠨᠬᠠᠳᠠ ᠬᠤᠲᠠ ᠶᠢᠨ ᠤᠯᠤᠰ ᠤᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠲᠣᠣᠷ  ᠤᠨ ᠤᠰᠤ ᠭᠤᠭᠤᠵᠢᠵᠤ ᠰᠦᠢᠳᠬᠦ ᠶᠢ ᠵᠠᠰᠠᠬᠤ ᠭᠤᠣᠯᠳᠠᠯᠭ᠎ᠠ ᠲᠠᠢ ᠬᠤᠲᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠭᠦᠭᠡᠬᠤᠲᠠ᠂ ᠣᠷᠳᠣᠰ᠂ ᠦᠬᠠᠢ᠂ ᠤᠯᠠᠭᠠᠨᠴᠠᠪ ᠪᠣᠯᠣᠨ ᠪᠠᠶᠠᠨᠨᠠᠭᠤᠷ ᠬᠤᠲᠠ ᠶᠢ ᠤᠯᠤᠰ ᠤᠨ ᠤᠰᠤ ᠠᠷᠪᠢᠯᠠᠬᠤ ᠭᠡᠯᠪᠡᠷᠢ ᠶᠢᠨ ᠬᠤᠲᠠ ᠶᠢᠨ ᠦᠨᠡᠯᠡᠬᠦ ᠪᠠᠷᠢᠮᠵᠢᠶ᠎ᠠ ᠳᠤ ᠬᠦᠷᠭᠡᠬᠦ ᠶᠢ ᠠᠭᠢᠭᠤᠯᠤᠨ᠎ᠠ︔ ᠭᠦᠭᠡᠬᠤᠲᠠ ᠶᠢᠨ ᠤᠯᠤᠰ ᠤᠨ ᠬᠠᠶᠢᠮᠢᠶᠠᠨ ᠬᠤᠳᠠ  ᠶᠢᠨ ᠵᠢᠱᠢᠶ᠎ᠡ ᠦᠵᠡᠭᠦᠯᠭᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢ ᠵᠢᠯᠤᠭᠤᠳᠴᠤ᠂ ᠭᠦᠭᠡᠬᠤᠲᠠ᠂ ᠪᠤᠭᠤᠲᠤ᠂ ᠲᠦᠩᠯᠢᠶᠣᠣ᠂ ᠤᠯᠠᠭᠠᠨᠬᠠᠳᠠ᠂ ᠣᠷᠳᠣᠰ᠂ ᠪᠠᠶᠠᠨᠨᠠᠭᠤᠷ ᠤᠨ ᠤᠯᠤᠰ ᠤᠨ ᠳᠠᠬᠢᠯᠲᠠ ᠤᠰᠤ ᠶᠢ ᠠᠰᠢᠭᠯᠠᠬᠤ ᠭᠤᠣᠯᠳᠠᠯᠭ᠎ᠠ ᠲᠠᠢ ᠬᠤᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠭᠢᠭᠤᠯᠤᠨ᠎ᠠ︔ ᠤᠰᠤ ᠬᠠᠩᠭᠠᠬᠤ ᠬᠠᠭᠤᠴᠢᠨ ᠬᠤᠭᠤᠯᠠᠢ ᠲᠣᠣᠷ᠂ ᠬᠤᠶᠠᠳᠠᠭᠢ ᠤᠳᠠᠭᠠᠨ ᠤ ᠤᠰᠤ ᠬᠠᠩᠭᠠᠬᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠠᠵᠢᠯ ᠢ ᠠᠬᠢᠭᠤᠯᠵᠤ᠂ ᠤᠰᠤ ᠬᠠᠩᠭᠠᠬᠤ ᠬᠡᠮᠵᠢᠯᠲᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠨ ᠣᠷᠣᠨ ᠬᠤᠪᠢᠶᠠᠨ ᠬᠡᠮᠵᠢᠬᠦ᠂ ᠳᠠᠷᠤᠯᠲᠠ ᠶᠢ ᠲᠣᠬᠢᠷᠠᠭᠤᠯᠤᠨ ᠡᠵᠡᠮᠳᠡᠬᠦ᠂ ᠰᠢᠯᠢᠳᠡᠭᠵᠢᠭᠦᠯᠦᠨ ᠲᠣᠬᠢᠷᠠᠭᠤᠯᠬᠤ᠂ ᠣᠶᠤᠨᠴᠢ ᠪᠠᠷ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠪᠠᠷ ᠲᠠᠮᠵᠢᠨ ᠬᠤᠲᠠ ᠪᠠᠯᠭᠠᠰᠤ ᠶᠢᠨ ᠤᠰᠤ ᠬᠠᠩᠭᠠᠬᠤ ᠬᠤᠭᠤᠯᠠᠢ ᠲᠣᠣᠷ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ; ᠳᠠᠬᠢᠯᠲᠠ ᠤᠰᠤ ᠶᠢ ᠰᠢᠢᠳᠪᠦᠷᠢᠯᠡᠬᠦ ᠴᠢᠳᠠᠪᠤᠷᠢ ᠪᠠᠷ ᠳᠤᠲᠠᠮᠠᠭ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠳᠡᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠵᠦ᠂ ᠳᠠᠬᠢᠯᠲᠠ ᠤᠰᠤᠨ ᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠬᠠᠲᠤᠨ ᠭᠤᠣᠯ ᠳᠠᠭᠠᠤ ᠭᠠᠵᠠᠷ ᠤᠨ ᠳᠠᠬᠢᠯᠲᠠ ᠤᠰᠤᠨ ᠤ ᠦᠢᠯᠡᠳᠪᠦᠷᠢ ᠪᠣᠯᠣᠨ ᠤᠰᠤ ᠬᠡᠷᠡᠭᠯᠡᠬᠦ ᠡᠷᠦᠭᠡ ᠶᠢᠨ ᠬᠤᠭᠤᠷᠣᠨᠳᠣᠭᠢ ᠤᠰᠤ ᠲᠠᠲᠠᠬᠤ ᠵᠠᠮ ᠢ ᠰᠠᠭᠠᠳ ᠦᠭᠡᠢ ᠨᠡᠪᠲᠡᠷᠡᠭᠦᠯᠦᠨ᠎ᠡ; ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠶᠢ ᠠᠷᠪᠢᠯᠠᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂  ᠨᠥᠬᠦᠴᠡᠯ ᠲᠠᠢ ᠭᠠᠵᠠᠷ ᠣᠷᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠤᠰᠤ ᠠᠷᠪᠢᠯᠠᠬᠤ ᠰᠠᠪᠠ ᠬᠡᠷᠡᠭᠰᠡᠯ ᠢ ᠥᠭᠡᠷᠡᠴᠢᠯᠡᠨ ᠰᠢᠨᠡᠳᠬᠡᠬᠦ ᠶᠢ ᠵᠣᠷᠢᠭᠵᠢᠭᠤᠯᠵᠤ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠳᠤ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ ᠳᠠᠬᠢᠯᠲᠠ ᠤᠰᠤ ᠪᠠ ᠪᠣᠷᠣᠭᠠᠨ ᠤ ᠤᠰᠤ ᠶᠢ ᠤᠷᠢᠳ ᠢᠶᠠᠷ ᠠᠰᠢᠭᠯᠠᠬᠤ ᠶᠢ ᠨᠡᠮᠡᠭᠳᠡᠭᠦᠯᠬᠦ ᠪᠠᠷ ᠪᠤᠢ᠃    ᠮᠠᠨ ᠤ ᠣᠷᠣᠨ ᠬᠤᠲᠠ ᠪᠠᠯᠭᠠᠰᠤᠨ ᠤ ᠣᠯᠠᠨ ᠨᠡᠶᠢᠲᠡ ᠶᠢᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠤ᠂ ᠡᠨᠡ ᠵᠢᠯ ᠤᠰᠤᠨ ᠤ ᠬᠡᠮᠵᠢᠶ᠎ᠡ ᠪᠠ ᠤᠰᠤᠨ ᠤ ᠴᠢᠨᠠᠷ ᠢ ᠦᠨᠡᠯᠡᠨ ᠵᠢᠱᠢᠬᠦ ᠠᠵᠢᠯ ᠥᠷᠨᠢᠭᠦᠯᠦᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ᠂ ᠤᠰᠤᠨ ᠤ ᠬᠡᠮᠵᠢᠶ᠎ᠡ ᠶᠢ ᠭᠦᠢᠴᠡᠳ ᠪᠠᠶᠢᠯᠭᠠᠬᠤ ᠶᠢ ᠦᠨᠡᠨ ᠬᠦ ᠪᠠᠲᠤᠯᠠᠬᠤ ᠶᠢᠨ ᠬᠠᠮᠲᠤ  ᠤᠰᠤ ᠬᠠᠩᠭᠠᠬᠤ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ ᠠᠵᠢᠯ ᠥᠷᠨᠢᠭᠦᠯᠵᠦ᠂ ᠬᠠᠭᠤᠴᠢᠷᠠᠵᠤ ᠡᠪᠳᠡᠷᠡᠭᠰᠡᠨ᠂ ᠡᠨᠧᠷᠭᠢ ᠶᠢᠨ ᠬᠤᠷᠣᠭᠳᠠᠭᠤᠯᠤᠯ ᠢᠶᠠᠷ ᠥᠨᠳᠥᠷ᠂ ᠠᠵᠢᠯᠯᠠᠭᠠᠨ ᠤ ᠦᠷ᠎ᠡ ᠪᠦᠲᠦᠮᠵᠢ ᠪᠠᠷ ᠳᠣᠣᠷ᠎ᠠ ᠵᠡᠷᠭᠡ ᠤᠰᠤᠨ ᠤ ᠦᠢᠯᠡᠳᠪᠦᠷᠢ ᠶᠢ ᠭᠤᠣᠯᠳᠠᠯᠭ᠎ᠠ ᠲᠠᠢ ᠳᠡᠰ ᠳᠡᠪᠰᠢᠭᠦᠯᠦᠨ ᠥᠭᠡᠷᠡᠴᠢᠯᠡᠨ᠎ᠡ᠃ ᠪᠠᠰᠠ ᠭᠦᠭᠡᠬᠤᠲᠠ᠂ ᠪᠤᠭᠤᠲᠤ ᠬᠤᠲᠠ ᠶᠢᠨ ᠬᠡᠰᠡᠭ ᠰᠠᠭᠤᠭᠠᠯᠢ ᠠᠷᠠᠳ ᠤᠨ ᠲᠣᠭᠤᠷᠢᠭ ᠢ ᠰᠣᠩᠭᠤᠨ ᠤᠰᠤ ᠤᠮᠳᠠ ᠶᠢᠨ ᠵᠢᠱᠢᠶ᠎ᠡ ᠦᠵᠡᠭᠦᠯᠭᠦ ᠠᠵᠢᠯ ᠥᠷᠨᠢᠭᠦᠯᠵᠦ᠂ ᠬᠠᠭᠤᠯᠪᠤᠷᠢᠯᠠᠵᠤ ᠪᠣᠯᠬᠤᠶᠢᠴᠠ ᠳᠡᠯᠭᠡᠷᠡᠭᠦᠯᠵᠦ ᠪᠣᠯᠬᠤᠶᠢᠴᠠ ᠲᠤᠷᠰᠢᠯᠭ᠎ᠠ ᠪᠠ ᠠᠷᠭ᠎ᠠ ᠪᠠᠷᠢᠯ ᠢ ᠳ᠋ᠦᠩᠨᠡᠨ ᠭᠠᠷᠭᠠᠵᠤ᠂ ᠬᠤᠲᠠ ᠪᠠᠯᠭᠠᠰᠤ ᠶᠢᠨ ᠤᠰᠤ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠭᠦ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ