| ᠭᠦᠭᠡᠬᠤᠳᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠤᠯᠤᠰ | ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠭᠦᠭᠡᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ | ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠪᠡᠯᠡ ᠤᠷᠤᠭᠤᠯᠤᠯᠳᠠ ᠶᠢᠨ ᠪᠦᠯᠦᠭᠯᠡᠯ ᠺᠤᠮᠫᠠᠨᠢ ᠬᠠᠮᠲᠤ ᠪᠠᠷ ᠪᠡᠯᠡ ᠮᠥᠩᠭᠦ ᠭᠠᠷᠭᠠᠨ ︽1 | ᠤᠳᠤᠷᠢᠳᠤᠮᠵᠢ ᠶᠢᠨ ᠰᠠᠭᠤᠷᠢ ᠮᠥᠩᠭᠦ + 8 ᠠᠵᠤ ᠦᠢᠯᠡᠰ ᠤᠨ ᠡᠬᠡ ᠰᠠᠭᠤᠷᠢ ᠮᠥᠩᠭᠦ + 3 ᠴᠢᠳᠠᠮᠵᠢ ᠶᠢᠨ ᠡᠬᠡ ᠰᠠᠭᠤᠷᠢ ᠮᠥᠩᠭᠦ︾ ᠪᠠᠷ | ᠪᠦᠷᠢᠯᠳᠦᠭᠰᠡᠨ 100 ᠳ᠋ᠦᠩᠰᠢᠭᠤᠷ ᠲᠥᠭᠦᠷᠢᠭ ᠤᠨ ᠬᠡᠪᠴᠢᠶ᠎ᠡ ᠪᠦᠬᠦᠢ ᠰᠠᠭᠤᠷᠢ ᠮᠥᠩᠭᠦᠨ ᠤ ᠰᠢᠰᠲ᠋ᠧᠮ ᠢ ᠪᠠᠶᠢᠭᠤᠯᠵᠤ᠂ ᠭᠦᠭᠡᠬᠤᠳᠠ ᠶᠢᠨ ︽ | ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠬᠥᠭᠵᠢᠯᠲᠡ ᠶᠢ ᠤᠯᠠᠨ ᠲᠠᠯ᠎ᠠ ᠠᠴᠠ ᠳᠡᠮᠵᠢᠵᠦ ᠪᠠᠶᠢᠨ᠎ᠠ᠃ | ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠪᠡᠯᠡ ᠤᠷᠤᠭᠤᠯᠤᠯᠳᠠ ᠶᠢᠨ ᠪᠦᠯᠦᠭᠯᠡᠯ ᠺᠤᠮᠫᠠᠨᠢ ᠭᠦᠭᠡᠬᠤᠳᠠ ᠶᠢᠨ ᠠᠷᠠᠳ ᠤᠨ ᠵᠠᠰᠠᠭ ᠤᠨ | ᠣᠷᠳᠣᠨ ᠤ ᠪᠡᠯᠡ ᠤᠷᠤᠭᠤᠯᠤᠯᠳᠠ ᠶᠢᠨ ᠰᠠᠭᠤᠷᠢ ᠮᠥᠩᠭᠦᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ᠂ ᠭᠦᠭᠡᠬᠤᠳᠠ | ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠯᠣᠨ ᠲᠣᠮᠣ ᠳ᠋ᠠᠶᠢᠲ᠋ᠠ ᠶᠢᠨ ᠲᠣᠪᠴᠢᠶ᠎ᠠ ᠲᠠᠢ ᠬᠠᠷᠢᠯᠴᠠᠵᠤ᠂ ᠠᠮᠢᠳᠤ ᠪᠣᠳᠠᠰ ᠤᠨ ᠡᠮ | ᠡᠮᠨᠡᠯᠭᠡ ᠶᠢᠨ ᠠᠵᠤ ᠦᠢᠯᠡᠰ ᠤᠨ ᠰᠠᠭᠤᠷᠢ ᠮᠥᠩᠭᠦ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠠᠭᠤᠷᠢ ᠮᠥᠩᠭᠦ ᠵᠢᠴᠢ ᠮᠡᠳᠡᠭᠡ ᠵᠠᠩᠭᠢ ᠶᠢᠨ ᠮᠡᠷᠭᠡᠵᠢᠯ | ᠤᠨ ᠠᠵᠤ ᠦᠢᠯᠡᠰ ᠤᠨ ᠰᠠᠭᠤᠷᠢ ᠮᠥᠩᠭᠦ ᠶᠢ ᠲᠥᠰᠥᠪᠯᠡᠨ ᠪᠠᠶᠢᠭᠤᠯᠬᠤ ᠠᠵᠢᠯ ᠢ ᠪᠦᠭᠦ ᠬᠦᠴᠦᠨ ᠢᠶᠠᠷ ᠠᠬᠢᠭᠤᠯᠤᠨ᠂ ᠣᠷᠣᠨ ᠪᠦᠰᠡ ᠶᠢᠨ ᠠᠵᠤ | ᠦᠢᠯᠡᠰ ᠤᠨ ᠳᠡᠰ ᠳᠡᠪᠰᠢᠯᠳᠡ ᠪᠠ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠴᠢᠷᠮᠠᠶᠢᠵᠤ ᠪᠠᠶᠢᠨ᠎ᠠ᠃ ᠡᠭᠦᠨ ᠳᠤ ᠠᠮᠢᠳᠤ ᠪᠣᠳᠠᠰ | ᠤᠨ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢ ᠮᠥᠩᠭᠦ ᠪᠠᠷ ᠨᠡᠶᠢᠭᠡᠮ ᠤᠨ ᠪᠡᠯᠡ ᠤᠷᠤᠭᠤᠯᠤᠯᠳᠠ ᠶᠢ ᠲᠠᠲᠠᠵᠤ᠂ ᠰᠢᠨ᠎ᠡ ᠶᠢ ᠡᠭᠦᠳᠦᠭᠰᠡᠨ ᠡᠮ ᠤᠨ | ᠵᠦᠢᠯᠡᠰ ᠢ ᠰᠤᠳᠤᠯᠤᠨ ᠨᠡᠭᠡᠭᠡᠬᠦ᠂ ᠡᠮᠴᠢᠯᠡᠭᠡᠨ ᠤ ᠪᠠᠭᠠᠵᠢ ᠬᠡᠷᠡᠭᠰᠡᠯ ᠦᠢᠯᠡᠳᠬᠦ᠂ ᠠᠮᠢᠳᠤ ᠪᠣᠳᠠᠰ ᠤᠨ ᠮᠡᠷᠭᠡᠵᠢᠯ ᠤᠨ ᠦᠢᠯᠡᠴᠢᠯᠡᠭᠡ ᠵᠡᠷᠭᠡ ᠵᠠᠩᠭᠢᠯᠠᠭ᠎ᠠ | ᠶᠢᠨ ᠭᠤᠭᠴᠤᠭ᠎ᠠ ᠶᠢ ᠭᠤᠣᠯᠳᠠᠯᠭ᠎ᠠ ᠲᠠᠢ ᠳᠡᠮᠵᠢᠨ᠎ᠠ᠃ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠠᠭᠤᠷᠢ ᠮᠥᠩᠭᠦ ᠪᠠᠷ ᠬᠤᠯᠪᠣᠭᠳᠠᠯ ᠪᠦᠬᠦᠢ | ᠮᠡᠷᠭᠡᠵᠢᠯ ᠤᠨ ᠰᠤᠳᠤᠯᠭᠠᠨ ᠬᠢᠭᠡᠳ ᠠᠵᠤ ᠦᠢᠯᠡᠰᠵᠢᠯᠲᠡ ᠳᠤ ᠪᠡᠯᠡ ᠮᠥᠩᠭᠦᠨ ᠤ ᠳᠡᠮᠵᠢᠯᠭᠡ ᠣᠯᠭᠤᠨ᠎ᠠ᠃ ᠮᠡᠳᠡᠭᠡ ᠵᠠᠩᠭᠢ ᠶᠢᠨ ᠮᠡᠷᠭᠡᠵᠢᠯ ᠤᠨ ᠠᠵᠤ | ᠦᠢᠯᠡᠰ ᠤᠨ ᠰᠠᠭᠤᠷᠢ ᠮᠥᠩᠭᠦ ᠪᠠᠷ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠦᠷᠢᠶ᠎ᠡ ᠶᠢ ᠭᠤᠣᠯᠳᠠᠯᠭ᠎ᠠ ᠲᠠᠢ ᠳᠡᠮᠵᠢᠬᠦ ᠪᠣᠯᠣᠨ᠎ᠠ᠃ | | | |