ᠡᠨᠡ ᠵᠢᠯ ᠤᠨ ᠡᠬᠢ ᠠᠴᠠ 3 ᠰᠠᠷ᠎ᠠ ᠶᠢᠨ ᠰᠡᠭᠦᠯᠴᠢ ᠪᠤᠯᠳᠠᠯ᠎ᠠ᠂ ᠪᠦᠭᠦ ᠣᠷᠣᠨ ᠢᠶᠠᠷ ᠢᠶᠠᠨ ᠮᠠᠯ ᠠᠵᠤ ᠠᠬᠤᠢ ᠲᠠᠷᠢᠶᠠᠯᠠᠩ ᠤᠨ 175 ᠴᠢᠬᠤᠯᠠ | ᠶᠡᠭᠡ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠤᠷᠤᠭᠤᠯᠤᠯᠲᠠ ᠨᠢ 778.1 ᠳ᠋ᠦᠡᠭᠰᠢᠭᠤᠷ ᠲᠥᠭᠦᠷᠢᠭ ᠲᠤ ᠬᠦᠷᠴᠦ᠂ | ᠣᠨ ᠤ ᠪᠡᠯᠡ ᠤᠷᠤᠭᠤᠯᠤᠯᠲᠠ ᠶᠢ 367 ᠳ᠋ᠦᠡᠭᠰᠢᠭᠤᠷ ᠲᠥᠭᠦᠷᠢᠭ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠣᠶᠢᠯᠠᠭᠠᠭᠰᠠᠨ ᠢᠶᠠᠷ᠂ ᠮᠠᠨ ᠤ ᠣᠷᠣᠨ ᠭᠡᠳᠦ ᠤᠷᠳᠤ ᠬᠤᠭᠤᠴᠠᠭᠠᠨ ᠤ ᠤᠯᠤᠰ ᠤᠨ ᠵᠢᠭᠡᠯᠡᠯᠭᠡ ᠶᠢᠨ ᠲᠦᠷᠦᠯ ᠵᠦᠢᠯ ᠢ ᠭᠤᠣᠯᠳᠠᠯᠭ᠎ᠠ ᠲᠠᠢ | ᠤᠬᠠᠭᠠᠯᠠᠨ ᠲᠥᠯᠥᠪᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠡᠷᠳᠡᠨᠢ ᠰᠢᠰᠢ ᠰᠢᠷ᠎ᠠ ᠪᠤᠷᠴᠠᠭ ᠤᠨ ᠮᠦ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠭᠦ ᠢᠨᠵᠧᠨᠧᠷᠢᠩ ᠵᠡᠷᠭᠡ ᠶᠢ ᠲᠥᠯᠥᠪᠵᠢᠭᠦᠯᠦᠨ ᠪᠦᠲᠦᠭᠡᠨ ᠪᠠᠶᠢᠭᠤᠯᠵᠤ 558 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ | ᠲᠥᠯᠥᠪᠯᠡᠵᠦ ᠪᠠᠶᠢᠨ᠎ᠠ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠤᠷᠤᠭᠤᠯᠤᠯᠲᠠ ᠶᠢᠨ ᠲᠦᠷᠦᠯ ᠵᠦᠢᠯ ᠢ | ᠭᠤᠣᠯᠳᠠᠯᠭ᠎ᠠ ᠲᠠᠢ ᠤᠬᠠᠭᠠᠯᠠᠨ ᠲᠥᠯᠥᠪᠯᠡᠵᠦ᠂ ᠣᠲᠣ ᠦᠶ᠎ᠡ ᠶᠢᠨ ᠦᠷ᠎ᠡ ᠶᠢᠨ ᠦᠢᠯᠡᠰ ᠢ ᠳᠡᠭᠡᠭᠰᠢᠯᠡᠭᠦᠯᠭᠦ ᠢᠨᠵᠧᠨᠧᠷᠢᠩ᠂ ᠠᠮᠢᠲᠠᠨ ᠤᠷᠭᠤᠮᠠᠯ ᠢ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠢᠨᠵᠧᠨᠧᠷᠢᠩ ᠵᠡᠷᠭᠡ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ 58 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠥᠯᠥᠪᠯᠡᠵᠦ ᠪᠠᠶᠢᠨ᠎ᠠ︔ᠰᠢᠯᠵᠢᠭᠦᠯᠵᠦ ᠥᠭᠬᠦ ᠲᠦᠷᠦᠯ ᠵᠦᠢᠯ ᠢ ᠭᠤᠣᠯᠳᠠᠯᠭ᠎ᠠ ᠲᠠᠢ | ᠤᠬᠠᠭᠠᠯᠠᠨ ᠲᠥᠯᠥᠪᠯᠡᠵᠦ᠂ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠥᠪᠡᠷᠮᠢᠴᠡ ᠣᠨᠴᠠᠯᠢᠭᠲᠤ ᠳᠠᠪᠠᠭᠤᠯᠢᠭ | ᠠᠵᠤ ᠦᠢᠯᠡᠰ ᠤᠨ ᠪᠦᠯᠦᠭᠵᠢᠯ ᠵᠡᠷᠭᠡ ᠴᠢᠬᠤᠯᠠ ᠶᠡᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ 2.7 ᠳ᠋ᠦᠩᠰᠢᠭᠤᠷ ᠲᠥᠭᠦᠷᠢᠭ ᠤᠨ ᠪᠡᠯᠡ | ᠤᠷᠤᠭᠤᠯᠬᠤ ᠪᠠᠷ ᠲᠥᠯᠥᠪᠯᠡᠵᠦ ᠪᠠᠶᠢᠨ᠎ᠠ︔ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠪᠡᠯᠡ ᠮᠥᠩᠭᠦ ᠶᠢᠨ ᠲᠦᠷᠦᠯ ᠵᠦᠢᠯ ᠢ ᠭᠤᠣᠯᠳᠠᠯᠭ᠎ᠠ | ᠲᠠᠢ ᠤᠬᠠᠭᠠᠯᠠᠨ ᠲᠥᠯᠥᠪᠯᠡᠵᠦ᠂ ᠠᠵᠤ ᠦᠢᠯᠡᠰ ᠤᠨ ᠬᠠᠮᠵᠢᠯᠴᠠᠭ᠎ᠠ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠰᠠᠶᠢᠲᠤᠷ ᠲᠥᠯᠥᠪᠵᠢᠭᠦᠯᠦᠨ | ᠬᠡᠷᠡᠭᠵᠢᠭᠦᠯᠵᠦ᠂ 14.9 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠲᠥᠯᠥᠪᠯᠡᠵᠦ ᠪᠠᠶᠢᠭ᠎ᠠ ᠵᠣᠯᠭᠠᠭᠤᠯᠬᠤ ᠪᠡᠯᠡ ᠮᠥᠩᠭᠦ ᠶᠢᠨ ᠲᠦᠷᠦᠯ | ᠵᠦᠢᠯ ᠢ ᠭᠤᠣᠯᠳᠠᠯᠭ᠎ᠠ ᠲᠠᠢ ᠤᠬᠠᠭᠠᠯᠠᠨ ᠲᠥᠯᠥᠪᠯᠡᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠬᠤ ᠪᠡᠯᠡ ᠮᠥᠩᠭᠦ ᠶᠢ ᠬᠡᠷᠡᠭᠯᠡᠬᠦ | ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠵᠡᠷᠭᠡ ᠶᠢ ᠨᠠᠶᠢᠳᠠᠪᠤᠷᠢᠵᠢᠭᠤᠯᠤᠨ ᠪᠣᠳᠠᠲᠠᠢ ᠦᠷ᠎ᠡ ᠪᠦᠲᠦᠮᠵᠢ ᠣᠯᠬᠤ ᠶᠢ | ᠦᠨᠡᠨ ᠬᠦ ᠪᠠᠲᠤᠯᠠᠵᠤ᠂ 71 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ︔ ᠮᠠᠯ ᠠᠵᠤ ᠠᠬᠤᠢ ᠲᠠᠷᠢᠶᠠᠯᠠᠩ ᠤᠨ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠦᠷᠦᠯ ᠵᠦᠢᠯ ᠢ ᠭᠤᠣᠯᠳᠠᠯᠭ᠎ᠠ ᠲᠠᠢ ᠤᠬᠠᠭᠠᠯᠠᠨ ᠲᠥᠯᠥᠪᠯᠡᠵᠦ᠂ ᠲᠠᠷᠢᠶᠠᠯᠠᠩ ᠮᠠᠯ | ᠠᠵᠤ ᠠᠬᠤᠢ ᠶᠢᠨ ᠡᠯ᠎ᠡ ᠲᠥᠷᠥᠯ ᠤᠨ ᠲᠥᠷᠥᠯ ᠵᠦᠢᠯ ᠢ 500 ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ 260 ᠳ᠋ᠦᠩᠰᠢᠭᠤᠷ ᠲᠥᠭᠦᠷᠢᠭ ᠤᠨ | ᠪᠡᠯᠡ ᠤᠷᠤᠭᠤᠯᠬᠤ ᠪᠠᠷ ᠲᠥᠯᠥᠪᠯᠡᠵᠦ ᠪᠠᠶᠢᠨ᠎ᠠ᠃ | |