4 ᠰᠠᠷ᠎ᠠ ᠶᠢᠨ 23 ᠤ ᠡᠳᠦᠷ᠂ ︽ᠳᠤᠮᠳᠠᠳᠤ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠪᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠦᠷᠡᠭᠳᠡᠭᠰᠡᠨ ᠪᠠᠭᠠᠲᠤᠷᠴᠤᠳ ᠢ ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ ᠰᠠᠭᠤᠷᠢ ᠮᠥᠩᠭᠦᠨ ᠤ ᠨᠡᠶᠢᠭᠡᠮᠯᠢᠭ ᠤᠨ ᠶᠢᠨ ᠳ᠋ᠦ᠋ ᠨᠡᠶᠢᠲᠡ ᠶᠢᠨ | ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠰᠬᠠᠢ ᠰᠠᠭᠤᠷᠢ ᠮᠥᠩᠭᠦ ︱ᠳᠤᠮᠳᠠ ᠪᠠᠷᠠᠭᠤᠨ ᠣᠷᠣᠨ ᠤ ᠬᠠᠤᠯᠢᠴᠢ ᠶᠢᠨ ᠠᠵᠢᠯ | ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠪᠣᠯᠪᠠᠰᠤᠷᠠᠯ ᠤᠨ ᠲᠥᠯᠥᠪᠯᠡᠭᠡ ︵ᠥᠪᠥᠷ ᠮᠣᠩᠭᠤᠯ ᠥᠷᠲᠡᠭᠡ︶︾ ᠶᠢᠨ ᠡᠭᠢᠯᠡᠯᠲᠡ ᠶᠢᠨ ᠶᠣᠰᠣᠯᠠᠯ | ᠵᠢᠴᠢ ᠠᠩᠬᠠᠨ ᠤ ᠬᠤᠭᠤᠴᠠᠭᠠᠨ ᠤ ᠪᠣᠯᠪᠠᠰᠤᠷᠠᠯ ᠤᠨ ᠠᠩᠭᠢ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠳᠤ ᠶᠠᠪᠤᠭᠳᠠᠪᠠ᠃ | ᠲᠣᠰ ᠤᠳᠠᠭᠠᠨ ᠤ ᠪᠣᠯᠪᠠᠰᠤᠷᠠᠯ ᠤᠨ ᠲᠥᠯᠥᠪᠯᠡᠭᠡ ᠶᠢ ᠳᠤᠮᠳᠠᠳᠤ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠪᠠ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠦᠷᠡᠭᠳᠡᠭᠰᠡᠨ ᠪᠠᠭᠠᠲᠤᠷᠴᠤᠳ ᠢ ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ ᠰᠠᠭᠤᠷᠢ ᠮᠥᠩᠭᠦᠨ ᠤ ᠨᠡᠶᠢᠭᠡᠮᠯᠢᠭ ᠪᠣᠯᠣᠨ ᠪᠡᠭᠡᠵᠢᠩ | ᠬᠤᠲᠠ ᠶᠢᠨ ᠶᠢᠨ ᠳ᠋ᠦ᠋ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠤᠨ ᠬᠠᠮᠲᠤ ᠪᠠᠷ ᠪᠠᠶᠢᠭᠤᠯᠤᠭᠰᠠᠨ ᠲᠤᠰᠬᠠᠢ ᠰᠠᠭᠤᠷᠢ ᠮᠥᠩᠭᠦ ᠠᠴᠠ ᠳᠡᠮᠵᠢᠵᠦ᠂ ᠳᠤᠮᠳᠠ | ᠪᠠᠷᠠᠭᠤᠨ ᠣᠷᠣᠨ ᠤ ᠬᠠᠤᠯᠢᠴᠢ ᠶᠢᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠢ ᠰᠢᠰᠲ᠋ᠧᠮ ᠤᠨ ᠴᠢᠨᠠᠷᠲᠠᠢ ᠪᠠᠷ ᠳᠡᠭᠡᠭᠰᠢᠯᠡᠭᠦᠯᠵᠦ᠂ ᠰᠢᠯᠢᠳᠡᠭ ᠬᠠᠤᠯᠢ | ᠴᠠᠭᠠᠵᠠ ᠶᠢᠨ ᠡᠬᠢ ᠪᠠᠶᠠᠯᠢᠭ ᠤᠨ ᠬᠢᠯᠢ ᠬᠢᠵᠠᠭᠠᠷ ᠣᠷᠣᠨ ᠲᠡᠶᠢᠰᠢ ᠰᠢᠯᠵᠢᠭᠦ ᠶᠢ ᠠᠬᠢᠭᠤᠯᠬᠤ ᠶᠢ ᠵᠣᠷᠢᠵᠠᠢ᠃ ᠲᠥᠯᠦᠪᠵᠢᠭᠦᠯᠭᠡ ᠶᠢ ᠦᠨᠳᠦᠰᠦᠯᠡᠪᠡᠯ᠂ | 2025 ᠣᠨ ᠳᠤ ᠥᠪᠥᠷ ᠮᠣᠩᠭᠤᠯ ᠥᠷᠲᠡᠭᠡ 10 ᠬᠤᠭᠤᠴᠠᠭᠠᠨ ᠤ ᠪᠣᠯᠪᠠᠰᠤᠷᠠᠯ ᠥᠷᠨᠢᠭᠦᠯᠵᠦ᠂ ᠢᠷᠭᠡᠨ ᠤ ᠬᠡᠷᠡᠭ᠂ ᠡᠷᠡᠭᠦᠦ ᠶᠢᠨ ᠬᠡᠷᠡᠭ᠂ | ᠬᠤᠳᠠᠯᠳᠤᠭᠠᠨ ᠤ ᠬᠡᠷᠡᠭ ᠵᠡᠷᠭᠡ ᠣᠯᠠᠨ ᠪᠣᠳᠠᠲᠤ ᠶᠠᠪᠤᠳᠠᠯ ᠤᠨ ᠬᠦᠷᠢᠶ᠎ᠡ ᠶᠢ ᠬᠠᠮᠤᠷᠴᠤ᠂ ᠳᠤᠮᠳᠠ ᠪᠠᠷᠠᠭᠤᠨ ᠣᠷᠣᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠲᠦᠪᠰᠢᠨ ᠤ ᠵᠥᠷᠢᠶ᠎ᠡ ᠶᠢ ᠰᠢᠢᠳᠪᠦᠷᠢᠯᠡᠬᠦ ᠳᠤ ᠳᠦᠷᠢᠮᠵᠢᠭᠰᠡᠨ ᠲᠤᠯᠭᠠᠭᠤᠷᠢᠯᠠᠯ ᠬᠠᠩᠭᠠᠬᠤ ᠪᠣᠯᠣᠨ᠎ᠠ᠃ | ᠡᠭᠢᠯᠡᠯᠲᠡ ᠶᠢᠨ ᠶᠣᠰᠣᠯᠠᠯ ᠤᠨ ᠳᠠᠷᠠᠭ᠎ᠠ ᠶᠢᠨ ᠳ᠋ᠦ᠋ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠤᠨ ᠬᠤᠷᠰᠢᠭᠴᠢ ᠴᠠᠩ ᠵᠢᠶᠦ᠋ᠨ ᠹᠧᠩ ︽ | ᠡᠷᠡᠭᠦᠦ ᠶᠢᠨ ᠬᠡᠷᠡᠭ ᠤᠨ ᠲᠤᠬᠠᠶᠢᠯᠠᠭᠰᠠᠨ ᠠᠵᠢᠯ ᠤᠨ ᠨᠠᠷᠢᠨ ᠬᠤᠪᠢᠶᠠᠷᠢᠯᠠᠯ ᠤᠨ ᠵᠠᠬ᠎ᠠ ᠳᠡᠯᠭᠡᠭᠦᠷ ᠤᠨ ᠣᠳᠣᠬᠢ ᠪᠠᠶᠢᠳᠠᠯ ᠪᠠ ᠬᠥᠭᠵᠢᠯᠲᠡ︾ ᠭᠡᠬᠦ | ᠰᠡᠳᠦᠪ ᠢᠶᠠᠷ ᠠᠩᠬᠠᠨ ᠤ ᠬᠢᠴᠢᠶᠡᠯ ᠣᠷᠣᠪᠠ᠃ ᠴᠠᠩ ᠵᠢᠶᠦ᠋ᠨ ᠹᠧᠩ ᠡᠷᠡᠭᠦᠦ ᠶᠢᠨ ᠬᠡᠷᠡᠭ ᠤᠨ ᠲᠤᠬᠠᠶᠢᠯᠠᠭᠰᠠᠨ ᠠᠵᠢᠯ ᠤᠨ ᠲᠤᠰᠬᠠᠶᠢᠵᠢᠬᠤ ᠬᠠᠨᠳᠤᠰᠢ ᠶᠢ | ᠭᠦᠨᠵᠡᠭᠡᠢ ᠵᠠᠳᠠᠯᠵᠤ᠂ ᠨᠠᠷᠢᠨ ᠬᠤᠪᠢᠶᠠᠭᠰᠠᠨ ᠬᠦᠷᠢᠶᠡᠨ ᠳᠠᠬᠢ ᠬᠡᠷᠡᠭᠴᠡᠭᠡ ᠱᠠᠭᠠᠷᠳᠠᠯᠭ᠎ᠠ ᠶᠢ ᠠᠭᠤᠳᠠᠯᠬᠤ ᠪᠠ ᠦᠢᠯᠡᠴᠢᠯᠡᠬᠦ ᠤᠷ᠎ᠠ ᠮᠡᠷᠭᠡᠵᠢᠯ ᠢ | ᠬᠤᠪᠢᠶᠠᠯᠴᠠᠪᠠ᠃ ᠪᠣᠯᠪᠠᠰᠤᠷᠠᠯ ᠳᠤ ᠣᠷᠣᠯᠴᠠᠬᠰᠠᠨ ᠬᠠᠤᠯᠢᠴᠢᠳ᠂ ᠬᠢᠴᠢᠶᠡᠯ ᠨᠢ ᠣᠨᠣᠯ ᠤᠨ ᠥᠨᠳᠥᠷᠴᠡ ᠲᠠᠢ ᠪᠥᠭᠡᠳ ᠪᠣᠳᠠᠲᠠᠢ ᠪᠣᠯᠪᠠᠰᠤᠷᠠᠯ ᠤᠨ | ᠦᠨ᠎ᠡ ᠥᠷᠲᠡᠭ ᠲᠠᠢ ᠪᠠᠶᠢᠵᠤ᠂ ᠡᠷᠡᠭᠦᠦ ᠶᠢᠨ ᠬᠡᠷᠡᠭ ᠤᠨ ᠲᠤᠬᠠᠶᠢᠯᠠᠭᠰᠠᠨ ᠠᠵᠢᠯ ᠤᠨ ᠰᠡᠳᠬᠢᠴᠡ ᠶᠢ ᠥᠷᠭᠡᠳᠬᠡᠬᠦ᠂ ᠦᠢᠯᠡᠴᠢᠯᠡᠭᠡᠨ ᠤ ᠴᠢᠳᠠᠪᠤᠷᠢ ᠶᠢ | ᠨᠠᠷᠢᠯᠢᠭᠵᠢᠭᠤᠯᠬᠤ ᠳᠤ ᠰᠢᠨ᠎ᠡ ᠠᠷᠭ᠎ᠠ ᠵᠠᠮ ᠬᠠᠩᠭᠠᠪᠠ ᠭᠡᠵᠦ ᠢᠯᠡᠷᠬᠡᠶᠢᠯᠡᠵᠡᠭᠡᠪᠡ᠃ | ᠲᠣᠰ ᠤᠳᠠᠭᠠᠨ ᠤ ᠪᠣᠯᠪᠠᠰᠤᠷᠠᠯ ᠤᠨ ᠲᠥᠯᠥᠪᠯᠡᠭᠡ ᠶᠢ ᠡᠬᠢᠯᠡᠭᠦᠯᠦᠭᠰᠡᠨ ᠨᠢ ︽ᠳᠤᠮᠳᠠᠳᠤ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠪᠠ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠷᠡᠭᠳᠡᠭᠰᠡᠨ ᠪᠠᠭᠠᠲᠤᠷᠴᠤᠳ ᠢ ᠬᠠᠯᠠᠮᠵᠢᠯᠠᠨ ᠬᠠᠶᠢᠷᠠᠯᠠᠵᠤ ᠠᠪᠤᠷᠠᠨ ᠲᠤᠰᠠᠯᠠᠬᠤ ᠰᠠᠭᠤᠷᠢ ᠮᠥᠩᠭᠦᠨ ᠤ | ᠨᠡᠶᠢᠭᠡᠮᠯᠢᠭ ᠪᠠ ᠪᠡᠭᠡᠵᠢᠩ ᠬᠤᠲᠠ ᠶᠢᠨ ᠶᠢᠨ ᠳ᠋ᠦ᠋ ᠬᠠᠤᠯᠢᠴᠢ ᠶᠢᠨ ᠬᠡᠷᠡᠭ ᠡᠷᠭᠢᠯᠡᠭᠦ ᠭᠠᠵᠠᠷ︾ ᠤᠨ ᠳᠤᠮᠳᠠ ᠪᠠᠷᠠᠭᠤᠨ ᠣᠷᠣᠨ ᠤ ᠬᠠᠤᠯᠢᠴᠢ ᠶᠢᠨ | ᠴᠢᠳᠠᠪᠤᠷᠢᠲᠠᠨ ᠢ ᠬᠥᠮᠥᠵᠢᠭᠦᠯᠬᠦ ᠬᠦᠷᠢᠶᠡᠨ ᠳᠠᠬᠢ ᠭᠦᠨᠵᠡᠭᠡᠢ ᠳᠡᠮᠵᠢᠯᠭᠡ ᠶᠢ ᠬᠠᠷᠠᠭᠤᠯᠵᠤ᠂ ᠵᠡᠭᠦᠨ ᠳᠤᠮᠳᠠ ᠪᠠᠷᠠᠭᠤᠨ ᠣᠷᠣᠨ ᠤ ᠬᠠᠤᠯᠢᠴᠢ ᠶᠢᠨ ᠠᠵᠢᠯ | ᠲᠥᠷᠥᠯ ᠤᠨ ᠬᠢᠨ ︽ᠭᠠᠭᠴᠠ ᠴᠢᠭᠯᠡᠯ ᠢᠶᠠᠷ ᠬᠠᠪᠰᠤᠷᠤᠨ ᠲᠡᠳᠬᠦᠬᠦ︾ ᠪᠠᠶᠢᠭᠰᠠᠨ ᠠᠴᠠ ᠪᠠᠨ ︽ᠬᠤᠣᠰ ᠴᠢᠭᠯᠡᠯ ᠢᠶᠠᠷ ᠬᠦᠴᠦᠨ ᠣᠯᠭᠤᠬᠤ︾ | ᠲᠣᠭᠲᠠᠴᠠ ᠶᠢᠨ ᠴᠢᠨᠠᠷᠲᠠᠢ ᠬᠤᠪᠢᠷᠠᠯᠲᠠ ᠶᠢ ᠬᠠᠷᠠᠭᠤᠯᠵᠤ ᠪᠠᠶᠢᠨ᠎ᠠ᠃ |