ᠬᠥᠳᠡᠯᠮᠦᠷᠢᠴᠢᠳ ᠤᠨ ᠴᠠᠯᠢᠩ ᠬᠥᠯᠥᠰᠦ ᠶᠢᠨ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠥᠯᠥᠭᠡ᠂ ᠵᠢᠯ ᠤᠨ ᠡᠬᠢᠨ ᠠᠴᠠ ᠨᠠᠭᠠᠰᠢ᠂ ᠡᠯ᠎ᠡ | ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠠᠶᠢᠩᠭᠤᠵᠢᠭᠰᠠᠨ ᠬᠢᠨᠠᠨ ᠪᠠᠶᠢᠴᠠᠭᠠᠯᠲᠠ ᠪᠠ | ᠬᠠᠤᠯᠢ ᠬᠡᠷᠡᠭᠵᠢᠭᠦᠯᠦᠯᠲᠡ ᠪᠠᠨ ᠴᠢᠩᠭᠠᠳᠬᠠᠵᠤ᠂ ᠴᠠᠯᠢᠩ ᠥᠷᠢᠲᠦᠬᠦ ᠶᠢ ᠵᠠᠰᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠪᠠ᠃ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠤᠭ᠎ᠠ ᠪᠠᠷᠢᠮᠲᠠ ᠶᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ᠂ ᠪᠦᠭᠦ ᠤᠯᠤᠰ ᠲᠤ | ᠴᠠᠯᠢᠩ ᠤᠨ ᠲᠥᠷᠥᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠨᠡᠶᠢᠲᠡ 15.1 ᠲᠦᠮᠡᠨ ᠬᠤᠪᠢ ᠰᠢᠢᠳᠪᠦᠷᠢᠯᠡᠵᠦ᠂ 66.2 ᠲᠦᠮᠡᠨ | ᠬᠥᠳᠡᠯᠮᠦᠷᠢᠴᠢᠨ ᠳᠤ 80.7 ᠳ᠋ᠦᠩᠰᠢᠭᠤᠷ ᠲᠥᠭᠦᠷᠢᠭ ᠤᠨ ᠴᠠᠯᠢᠩ ᠤᠨ ᠠᠰᠠᠭᠤᠳᠠᠯ ᠢ ᠰᠢᠢᠳᠪᠦᠷᠢᠯᠡᠵᠦ ᠥᠭᠴᠡᠢ᠃ | ᠨᠢᠭᠡᠳᠦᠭᠡᠷ ᠤᠯᠠᠷᠢᠯ ᠳᠤ᠂ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠴᠠᠯᠢᠩ | ᠥᠷᠢᠲᠦᠵᠦ ᠬᠠᠤᠯᠢ ᠠᠴᠠ ᠵᠥᠷᠢᠴᠡᠭᠰᠡᠨ ᠬᠦᠨᠳᠦ ᠶᠡᠭᠡ ᠦᠶᠯᠡ ᠠᠵᠢᠯᠯᠠᠭ᠎ᠠ ᠶᠢ 506 ᠬᠤᠪᠢ ᠨᠡᠶᠢᠲᠡᠯᠡᠵᠦ᠂ ᠴᠠᠯᠢᠩ ᠥᠷᠢᠲᠦᠭᠰᠡᠨ 482 ᠭᠤᠣᠯ | ᠴᠣᠭᠴᠠ ᠶᠢ ᠢᠲᠡᠭᠡᠯ ᠠᠯᠳᠠᠭᠰᠠᠨ ᠨᠡᠷᠡᠰ ᠲᠤ ᠣᠷᠣᠭᠤᠯᠤᠨ ᠬᠠᠮᠢᠶᠠᠷᠴᠤ᠂ ᠭᠦᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠲᠡᠪᠴᠢᠬᠦ ᠶᠠᠯ᠎ᠠ ᠬᠢᠭᠰᠡᠨ | ᠰᠡᠵᠢᠭᠯᠡᠯᠲᠡᠢ ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ 689 ᠬᠤᠪᠢ ᠰᠢᠯᠵᠢᠭᠦᠯᠵᠦ᠂ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠬᠦ ᠳᠤ | ᠬᠦᠴᠦᠲᠡᠢ ᠰᠦᠷᠳᠡᠭᠦᠯᠦᠯ ᠪᠣᠯᠪᠠ᠃ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠠᠷᠠᠭᠠᠴᠢ ᠶᠢᠨ ᠠᠯᠬᠤᠮ ᠳᠤ ᠰᠢᠨ᠎ᠡ ᠠᠵᠢᠯ ᠣᠯᠭᠤᠯᠲᠠ ᠶᠢᠨ | ᠭᠡᠯᠪᠡᠷᠢ ᠶᠢᠨ ᠬᠥᠳᠡᠯᠮᠦᠷᠢᠴᠢᠨ ᠤ ᠡᠷᠬᠡ ᠠᠰᠢᠭ ᠢ ᠬᠠᠮᠠᠭᠠᠯᠠᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ 2025 ᠣᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠤᠨ ᠢᠯᠭᠠᠷᠠᠭᠤᠯᠤᠨ | ᠴᠡᠭᠴᠡᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠭᠦᠳᠡᠯᠮᠦᠷᠢ ᠦᠢᠯᠡᠴᠢᠯᠡᠭᠡ ᠲᠣᠮᠢᠯᠠᠬᠤ᠂ ᠠᠵᠢᠯ ᠣᠯᠭᠤᠯᠲᠠ ᠶᠢᠨ ᠵᠠᠭᠤᠴᠢ ᠵᠡᠷᠭᠡ ᠬᠥᠮᠥᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠬᠥᠳᠡᠯᠮᠦᠷᠢᠴᠢᠨ ᠤ ᠬᠠᠤᠯᠢ ᠶᠣᠰᠣᠨ ᠤ ᠡᠷᠬᠡ | ᠠᠰᠢᠭ ᠢ ᠦᠷᠭᠦᠯᠵᠢᠯᠡᠨ ᠰᠠᠶᠢᠲᠤᠷ ᠬᠠᠮᠠᠭᠠᠯᠠᠨ᠎ᠠ ᠭᠡᠵᠦ ᠢᠯᠡᠳᠬᠡᠪᠡ᠃ |