︽5·1︾ ᠤ ᠠᠮᠠᠷᠠᠯᠲᠠ ᠶᠢᠨ ᠬᠤᠭᠤᠴᠠᠭᠠᠨ ᠳᠤ ᠪᠦᠭᠦ ᠤᠯᠤᠰ ᠤᠨ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2025/5/8
    ᠤᠯᠤᠰ ᠤᠨ ᠰᠢᠤᠳᠠᠨ ᠤ ᠲᠣᠪᠴᠢᠶ᠎ᠠ ᠶᠢᠨ ᠬᠢᠨᠠᠨ ᠬᠡᠮᠵᠢᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠡᠨᠡ ᠵᠢᠯ ᠤᠨ ︽5·1︾ ᠤ ᠠᠮᠠᠷᠠᠯᠲᠠ ᠶᠢᠨ ᠬᠤᠭᠤᠴᠠᠭᠠᠨ ᠳᠤ ᠪᠦᠭᠦ ᠤᠯᠤᠰ ᠤᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠠᠴᠠ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠨᠡᠶᠢᠲᠡ 48 ᠳ᠋ᠦᠩᠰᠢᠭᠤᠷ ᠭᠠᠷᠤᠢ ᠬᠤᠪᠢ ᠳᠤᠰᠴᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ ᠬᠤᠶᠠᠷ ᠬᠤᠪᠢ ᠢᠯᠡᠭᠦᠦ ᠪᠠᠷ ᠨᠡᠮᠡᠭᠳᠡᠵᠦ᠂ ᠲᠡᠦᠬᠡ ᠶᠢᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ᠃    ᠡᠨᠡ ᠪᠣᠯ ᠰᠤᠷᠪᠤᠯᠵᠢᠯᠠᠬᠴᠢ 6 ᠤ ᠡᠳᠦᠷ ᠤᠯᠤᠰ ᠤᠨ ᠰᠢᠤᠳᠠᠨ ᠤ ᠲᠣᠪᠴᠢᠶ᠎ᠠ ᠠᠴᠠ ᠣᠯᠣᠭᠰᠠᠨ ᠮᠡᠳᠡᠭᠡ ᠪᠣᠯᠣᠨ᠎ᠠ᠃    ᠲᠤᠭ᠎ᠠ ᠪᠠᠷᠢᠮᠲᠠ ᠨᠢ ᠮᠠᠨ ᠤ ᠤᠯᠤᠰ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠬᠥᠭᠵᠢᠯᠲᠡ ᠶᠢᠨ ᠪᠠᠶᠢᠳᠠᠯ ᠢ ᠲᠤᠰᠬᠠᠪᠠ᠃ ︽5·1︾  ᠤ ᠠᠮᠠᠷᠠᠯᠲᠠ ᠶᠢᠨ ᠬᠤᠭᠤᠴᠠᠭᠠᠨ ᠳᠤ᠂ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠨᠢ ᠰᠣᠶᠣᠯ ᠵᠢᠭᠤᠯᠴᠢᠯᠠᠯ ᠤᠨ ᠠᠵᠤ ᠦᠢᠯᠡᠰ ᠯᠦᠭᠡ ᠶᠢᠨ ᠭᠦᠨᠵᠡᠭᠡᠢ ᠠᠭᠤᠰᠤᠯᠴᠠᠯ ᠢᠶᠠᠨ ᠲᠦᠷᠭᠡᠳᠬᠡᠵᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠪᠡ᠃ ᠬᠤᠪᠧᠢ ᠶᠢᠨ ᠦᠬᠠᠨ ᠳᠤ᠂ ᠪᠦᠦ ᠴᠧᠩ ᠵᠠᠮ ᠤᠨ ᠰᠥᠨᠢ ᠶᠢᠨ ᠵᠠᠬ᠎ᠠ ᠳᠡᠯᠭᠡᠭᠦᠷ ᠡᠵᠡᠩᠨᠡᠯᠲᠡ ᠶᠢᠨ ᠴᠠᠭ ᠢᠶᠠᠨ ᠤᠷᠲᠤᠳᠬᠠᠵᠤ᠂ ᠲᠦᠷᠭᠡᠨ ᠬᠦᠷᠭᠡᠯᠲᠡ ᠶᠢᠨ ᠬᠢᠨ ᠤ ᠰᠥᠨᠢ ᠪᠠᠷ ᠪᠣᠭᠤᠳᠠᠯ ᠪᠠᠭᠯᠠᠭ᠎ᠠ ᠳᠤᠰᠴᠤ ᠠᠪᠬᠤ ᠬᠡᠮᠵᠢᠶ᠎ᠡ ᠶᠡᠭᠡ ᠪᠠᠷ ᠨᠡᠮᠡᠭᠳᠡᠪᠡ︔ ᠰᠧᠴᠤᠸᠠᠨ ᠤ ᠴᠧᠩᠳᠦ᠋ ᠳᠤ᠂ ᠮᠠᠯᠤᠷ ᠥᠲᠡᠭᠡ ᠶᠢᠨ ᠰᠠᠭᠤᠷᠢᠨ ᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠶᠠᠰᠤ ᠴᠢᠨᠠᠷ ᠦᠷᠭᠦᠯᠵᠢᠯᠡᠨ ᠳᠡᠭᠡᠭᠰᠢᠯᠡᠵᠦ᠂ ᠮᠠᠯᠤᠷ ᠥᠲᠡᠭᠡ ᠶᠢᠨ ᠬᠡᠦᠬᠡᠯᠳᠡᠢ ᠶᠢ ᠲᠦᠷᠭᠡᠨ ᠬᠦᠷᠭᠡᠯᠲᠡ ᠪᠠᠷ ᠳᠡᠯᠡᠬᠡᠢ ᠶᠢᠨ ᠡᠯ᠎ᠡ ᠭᠠᠵᠠᠷ ᠲᠤ ᠢᠯᠡᠭᠡᠵᠡᠶ︔ ᠯᠢᠶᠣᠤᠨᠢᠩ ᠤᠨ ᠳ᠋ᠠᠯᠢᠶᠠᠨ ᠳᠤ᠂ ᠨᠢᠰᠬᠡᠯ ᠤᠨ ᠪᠠᠭᠤᠳᠠᠯ ᠳᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠴᠡᠭ ᠪᠠᠶᠢᠭᠤᠯᠵᠤ᠂ ᠠᠶᠠᠨᠴᠢᠳ ᠨᠢᠰᠬᠡᠯ ᠬᠦᠯᠢᠶᠡᠬᠦ ᠠᠰᠠᠷ ᠲᠤ ︽ᠪᠠᠷᠠᠭ᠎ᠠ ᠬᠤᠳᠠᠯᠳᠤᠨ ᠠᠪᠬᠤ + ᠲᠦᠷᠭᠡᠨ ᠬᠦᠷᠭᠡᠯᠲᠡ︾ ᠶᠢᠨ ᠦᠢᠯᠡᠴᠢᠯᠡᠭᠡ ᠬᠦᠷᠲᠡᠵᠦ᠂ ᠶᠠᠪᠤᠵᠤ ᠰᠠᠭᠤᠬᠤ ᠳᠤ ᠨᠠᠩ ᠲᠥᠭᠦᠮ ᠪᠣᠯᠪᠠ᠃ ︽5·1︾ ᠤ ᠠᠮᠠᠷᠠᠯᠲᠠ ᠶᠢᠨ ᠬᠤᠭᠤᠴᠠᠭᠠᠨ ᠳᠤ᠂ ᠪᠦᠭᠦ ᠤᠯᠤᠰ ᠤᠨ ᠬᠡᠳᠦᠨ ᠵᠠᠭᠤᠨ ᠲᠦᠮᠡᠨ ᠲᠦᠷᠭᠡᠨ ᠬᠦᠷᠭᠡᠭᠴᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠠᠶᠠᠷ ᠤᠨ ᠡᠳᠦᠷ ᠤᠨ ᠪᠠᠰᠠ ᠨᠢᠭᠡᠨ ᠭᠤᠶᠢᠳᠠ ᠦᠵᠡᠮᠵᠢ ᠪᠣᠯᠪᠠ᠃    ︽5·1︾ ᠤ ᠠᠮᠠᠷᠠᠯᠲᠠ ᠶᠢᠨ ᠬᠤᠭᠤᠴᠠᠭᠠᠨ ᠳᠤ᠂ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠦᠷᠭᠦᠯᠵᠢᠯᠡᠨ ᠰᠢᠶᠠᠨ ᠤ ᠬᠡᠪᠴᠢᠶᠡᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠲᠠᠢ ᠬᠠᠮᠲᠤ ᠪᠠᠷ ᠣᠷᠣᠰᠢᠵᠤ ᠬᠠᠮᠲᠤ ᠪᠠᠷ ᠴᠡᠴᠡᠭᠯᠡᠨ ᠬᠥᠭᠵᠢᠪᠡ᠃ ᠭᠤᠸᠠᠩᠳᠦ᠋ᠩ ᠤᠨ ᠰᠧ ᠬᠤᠢ ᠰᠢᠶᠠᠨ ᠳᠤ᠂ ︽ᠲᠦᠷᠭᠡᠨ ᠬᠦᠷᠭᠡᠯᠲᠡ + ᠦᠢᠯᠡᠳᠬᠦ ᠦᠢᠯᠡᠰ︾ ᠨᠢ ᠬᠠᠰ ᠴᠢᠯᠠᠭᠤᠨ ᠤ ᠠᠵᠤ ᠦᠢᠯᠡᠰ ᠤᠨ ᠪᠦᠭᠦ ᠤᠯᠤᠰ ᠴᠢᠨᠠᠭᠰᠢᠯᠠᠪᠠᠯ ᠪᠦᠭᠦ ᠪᠥᠮᠪᠥᠷᠴᠡᠭ ᠤᠨ ᠵᠠᠬ᠎ᠠ ᠳᠡᠯᠭᠡᠭᠦᠷ ᠲᠤ ᠣᠷᠣᠬᠤ ᠳᠤ ᠬᠦᠴᠦᠨ ᠨᠡᠮᠡᠷᠢᠯᠡᠵᠦ ᠪᠠᠶᠢᠨ᠎ᠠ︔ ᠵᠧᠵᠢᠶᠠᠩ ᠤᠨ ᠴᠠᠩ ᠱᠠᠨ ᠳᠤ ᠲᠦᠷᠭᠡᠨ ᠬᠦᠷᠭᠡᠯᠲᠡ ᠶᠢᠨ ᠲᠡᠷᠭᠡ ᠨᠦᠭᠦᠳ ᠠᠭᠤᠯᠠ ᠪᠡᠯ ᠢᠶᠠᠷ ᠠᠶᠠᠯᠠᠵᠤ᠂ ᠵᠦᠷᠵᠢᠯᠢᠭ᠂ ᠪᠤᠯᠳᠤᠷᠤᠤ ᠮᠦᠭᠦ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠪᠦᠭᠦ ᠤᠯᠤᠰ ᠤᠨ ᠡᠯ᠎ᠡ ᠭᠠᠵᠠᠷ ᠲᠤ ᠵᠥᠭᠡᠭᠡᠪᠦᠷᠢᠯᠡᠨ᠎ᠠ︔ ᠾᠧᠪᠧᠢ ᠶᠢᠨ ᠳ᠋ᠢᠩ ᠵᠧᠦ ᠳᠤ᠂ ᠪᠡᠶ᠎ᠡ ᠶᠢᠨ ᠲᠠᠮᠢᠷ ᠤᠨ ᠬᠡᠷᠡᠭᠰᠡᠯ ᠤᠨ ᠪᠣᠷᠣᠯᠠᠭᠤᠯᠤᠯᠲᠠ ᠬᠥᠭᠵᠢᠶᠡᠨᠲᠡᠢ ᠪᠠᠶᠢᠵᠤ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠠᠵᠠ ᠲᠣᠭᠢᠶᠠᠯ ᠢ ᠠᠮᠵᠢᠨ᠂ ᠲᠤᠬᠠᠢ ᠶᠢᠨ ᠭᠠᠵᠠᠷ ᠤᠨ ᠪᠡᠶ᠎ᠡ ᠶᠢᠨ ᠲᠠᠮᠢᠷ ᠤᠨ ᠬᠡᠷᠡᠭᠰᠡᠯ ᠤᠨ ᠦᠢᠯᠡᠳᠪᠦᠷᠢᠯᠡᠯ ᠪᠣᠷᠤᠯᠠᠭᠤᠯᠭ᠎ᠠ ᠳᠤ ᠪᠦᠭᠦ ᠬᠡᠯᠬᠢᠶᠡᠨ ᠤ ᠦᠢᠯᠡᠴᠢᠯᠡᠭᠡ ᠬᠠᠩᠭᠠᠪᠠ᠃    ᠡᠭᠦᠨ ᠠᠴᠠ ᠭᠠᠳᠠᠨ᠎ᠠ᠂ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠬᠠᠶᠢᠨᠠᠨ ᠳᠤ᠂ ᠪᠦᠭᠦ ᠠᠮᠢᠳᠤ ᠪᠣᠳᠠᠰ ᠤᠨ ᠵᠠᠳᠠᠷᠠᠭᠤᠯᠤᠯᠳᠠ ᠶᠢᠨ ᠪᠣᠭᠤᠳᠠᠯ ᠤᠨ ᠤᠭᠤᠲᠠ ᠶᠢ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠳᠤᠰᠴᠤ ᠠᠪᠬᠤ ᠭᠤᠭᠴᠤᠭ᠎ᠠ ᠳᠤ ᠶᠡᠭᠡ ᠬᠡᠮᠵᠢᠶ᠎ᠡ ᠪᠠᠷ ᠬᠡᠷᠡᠭᠯᠡᠵᠦ᠂ ᠣᠷᠴᠢᠨ ᠠᠬᠤᠢ ᠶᠢ ᠬᠠᠮᠠᠭᠠᠯᠠᠬᠤ ᠣᠶᠢᠯᠠᠭᠠᠭᠳᠠᠬᠤᠨ ᠢ ᠴᠠᠭ ᠤᠨ ᠤᠷᠤᠰᠬᠠᠯ ᠳᠠᠭᠠᠬᠰᠠᠨ ᠰᠢᠨ᠎ᠡ ᠬᠡᠷᠡᠭᠯᠡᠭᠡ ᠲᠠᠢ ᠤᠶᠠᠯᠳᠤᠭᠤᠯᠪᠠ︔ ᠬᠠᠩᠵᠧᠦ ᠳᠤ᠂ ᠪᠠᠷᠢᠮᠵᠢᠶᠠᠵᠢᠭᠰᠠᠨ ᠡᠷᠭᠢᠯᠲᠡᠲᠦ ᠬᠠᠶᠢᠷᠴᠠᠭ ᠢ ᠬᠤᠳᠠᠯᠳᠤᠭ᠎ᠠ᠂ ᠵᠠᠰᠠᠭ ᠤᠨ ᠶᠠᠪᠤᠳᠠᠯ ᠵᠡᠷᠭᠡ ᠳᠤ ᠲᠤᠷᠰᠢᠨ ᠬᠡᠷᠡᠭᠯᠡᠵᠦ᠂ ᠪᠣᠭᠤᠳᠠᠯ ᠤᠨ ᠡᠪᠳᠡᠭᠳᠡᠯ ᠢ ᠪᠠᠭᠠᠰᠬᠠᠭᠰᠠᠨ ᠢᠶᠠᠷ ᠪᠠᠷᠠᠬᠤ ᠦᠭᠡᠢ᠂ ᠡᠬᠢ ᠪᠠᠶᠠᠯᠢᠭ ᠤᠨ ᠬᠤᠷᠣᠭᠳᠠᠯ ᠢ ᠴᠤ ᠪᠠᠭᠠᠰᠬᠠᠪᠠ᠃   ᠤᠯᠤᠰ ᠤᠨ ᠰᠢᠤᠳᠠᠨ ᠤ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠡᠨᠡ ᠵᠢᠯ ᠤᠨ︽5·1︾ ᠤ ᠠᠮᠠᠷᠠᠯᠲᠠ ᠶᠢᠨ ᠬᠤᠭᠤᠴᠠᠭᠠᠨ ᠳᠤ᠂ ᠤᠯᠤᠰ ᠠᠴᠠ ᠬᠡᠷᠡᠭᠯᠡᠭᠡ ᠶᠢ ᠶᠡᠭᠡ ᠪᠠᠷ ᠬᠥᠭᠵᠢᠭᠡᠬᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠬᠦ ᠠᠬᠤᠢ ᠪᠠᠶᠢᠳᠠᠯ ᠳᠣᠣᠷ᠎ᠠ᠂ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠰ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ᠂ ᠬᠤᠳᠠᠯᠳᠤᠭ᠎ᠠ ᠵᠢᠭᠤᠯᠴᠢᠯᠠᠯ ᠰᠣᠶᠣᠯ ᠪᠡᠶ᠎ᠡ ᠶᠢᠨ ᠲᠠᠮᠢᠷ ᠡᠷᠡᠭᠦᠯ ᠮᠡᠨᠳᠦ ᠵᠡᠷᠭᠡ ᠣᠯᠠᠨ ᠡᠵᠡᠩᠨᠡᠯᠲᠡ ᠶᠢᠨ ᠭᠡᠯᠪᠡᠷᠢ ᠯᠦᠭᠡ ᠶᠢᠨ ᠠᠭᠤᠰᠤᠯᠴᠠᠯ ᠢᠶᠠᠨ ᠭᠦᠨᠵᠡᠭᠡᠶᠢᠷᠡᠭᠦᠯᠵᠦ᠂ ᠣᠯᠠᠨ ᠡᠰᠢᠵᠢᠭᠰᠡᠨ ᠬᠡᠷᠡᠭᠯᠡᠭᠡᠨ ᠤ ᠪᠠᠶᠢᠳᠠᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠠᠵᠢᠯ ᠲᠥᠷᠥᠯ ᠤᠨ ᠴᠢᠨᠠᠷ ᠰᠠᠶᠢᠲᠠᠢ ᠬᠠᠩᠭᠠᠯᠭ᠎ᠠ ᠪᠠᠷ ᠨᠠᠩ ᠣᠯᠠᠨ ᠪᠦᠲᠦᠮᠵᠢᠲᠡᠶ ᠬᠡᠷᠡᠭᠴᠡᠭᠡ ᠶᠢ ᠡᠭᠦᠳᠴᠡᠢ ᠭᠡᠵᠦ ᠢᠯᠡᠳᠬᠡᠪᠡ (ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ )
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ