| ᠰᠤᠷᠪᠤᠯᠵᠢᠯᠠᠬᠴᠢ 5 ᠰᠠᠷ᠎ᠠ ᠶᠢᠨ 5 ᠤ ᠡᠳᠦᠷ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠬᠠᠮᠤᠭ ᠤᠨ ᠰᠢᠨ᠎ᠡ ᠭᠠᠶᠢᠯᠢ ᠶᠢᠨ ᠶᠠᠪᠤᠳᠠᠯ ᠤᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 2025 ᠣᠨ ᠤ ᠨᠢᠭᠡᠳᠦᠭᠡᠷ ᠤᠯᠠᠷᠢᠯ ᠳᠤ᠂ ᠪᠦᠭᠦ | ᠤᠯᠤᠰ ᠤᠨ ᠲᠥᠷᠥᠯ ᠵᠦᠢᠯ ᠤᠨ ᠭᠡᠯᠪᠡᠷᠢ ᠪᠠᠷ ᠮᠡᠳᠡᠭᠦᠯᠦᠭᠰᠡᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠪᠠᠷᠢᠯᠭ᠎ᠠ ᠶᠢᠨ ᠲᠥᠷᠥᠯ | ᠵᠦᠢᠯ ᠤᠨ ᠲᠤᠭ᠎ᠠ ᠨᠡᠶᠢᠲᠡ 3.9 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ; ᠪᠠᠷᠢᠯᠭ᠎ᠠ ᠶᠢᠨ ᠶᠡᠷᠦᠩᠬᠡᠢ ᠦᠨ᠎ᠡ | ᠥᠷᠲᠡᠭ ᠨᠢ ᠨᠡᠶᠢᠲᠡ 1.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ᠃ | ᠢᠯᠠᠩᠭᠤᠶ᠎ᠠ 3 ᠳ᠋ᠤᠭᠠᠷ ᠰᠠᠷ᠎ᠠ ᠠᠴᠠ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢᠯᠡᠳᠲᠡ ᠲᠦᠷᠭᠡᠳᠪᠡ᠃ | ᠭᠠᠶᠢᠯᠢ ᠶᠢᠨ ᠶᠠᠪᠤᠳᠠᠯ ᠤᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 3 ᠰᠠᠷ᠎ᠠ ᠳᠤ ᠪᠠᠷᠢᠯᠭ᠎ᠠ ᠶᠢᠨ ᠲᠥᠷᠥᠯ ᠵᠦᠢᠯ ᠤᠨ ᠭᠤᠶᠤᠴᠢᠯᠠᠨ | ᠮᠡᠳᠡᠭᠦᠯᠦᠭᠰᠡᠨ ᠲᠤᠭ᠎ᠠ 1.8 ᠲᠦᠮᠡ ᠳᠤ ᠬᠦᠷᠴᠦ᠂ ᠨᠢᠭᠡᠳᠦᠭᠡᠷ ᠤᠯᠠᠷᠢᠯ ᠤᠨ ᠶᠡᠷᠦᠩᠬᠡᠢ ᠬᠡᠮᠵᠢᠶᠡᠨ ᠤ 46.5% ᠶᠢ ᠡᠵᠡᠯᠡᠪᠡ︔ ᠭᠤᠶᠤᠴᠢᠯᠠᠨ | ᠮᠡᠳᠡᠭᠦᠯᠦᠭᠰᠡᠨ ᠶᠡᠷᠦᠩᠬᠡᠢ ᠦᠨ᠎ᠡ ᠦᠷᠳᠡᠭ ᠨᠢ 0.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡᠳᠦᠭᠡᠷ ᠤᠯᠠᠷᠢᠯ ᠤᠨ ᠶᠡᠷᠦᠩᠬᠡᠢ ᠦᠨ᠎ᠡ | ᠦᠷᠳᠡᠭ ᠤᠨ 43.9% ᠶᠢ ᠡᠵᠡᠯᠡᠪᠡ᠃ | ᠣᠳᠣᠬᠠᠨ ᠳᠤ᠂ ᠨᠡᠭᠦᠳᠡᠯ ᠬᠥᠯᠥᠰᠦᠨ ᠲᠠᠷᠢᠶᠠᠴᠢᠳ ᠢ ᠭᠥᠯᠢᠶᠡᠨ ᠠᠪᠴᠤ ᠠᠵᠢᠯ ᠣᠯᠭᠤᠬᠤ ᠪᠠᠷᠢᠯᠭ᠎ᠠ᠂ ᠲᠡᠮᠦᠷ ᠵᠠᠮ᠂ ᠵᠠᠰᠠᠮᠠᠯ ᠵᠠᠮ᠂ ᠤᠰᠤᠨ | ᠲᠡᠭᠡᠭᠡᠪᠦᠷᠢ᠂ ᠤᠰᠤᠨ ᠠᠰᠢᠭᠯᠠᠯᠲᠠ᠂ ᠡᠨᠧᠷᠭᠢ᠂ ᠨᠢᠰᠬᠡᠯ ᠤᠨ ᠪᠠᠭᠤᠳᠠᠯ ᠵᠡᠷᠭᠡ ᠬᠦᠷᠢᠶᠡᠨ ᠳᠠᠬᠢ ᠪᠠᠷᠢᠯᠭ᠎ᠠ ᠶᠢᠨ ᠲᠥᠷᠥᠯ ᠵᠦᠢᠯ ᠨᠢ ᠭᠤᠣᠯᠳᠠᠭᠤ | ᠲᠥᠷᠥᠯ ᠵᠦᠢᠯ ᠤᠨ ᠭᠡᠯᠪᠡᠷᠢ ᠪᠠᠷ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠮᠡᠳᠡᠭᠦᠯᠵᠦ | ᠪᠤᠢ᠃ | ᠭᠠᠶᠢᠯᠢ ᠶᠢᠨ ᠶᠠᠪᠤᠳᠠᠯ ᠤᠨ ᠲᠤᠭ᠎ᠠ ᠪᠠᠷᠢᠮᠲᠠ ᠠᠴᠠ ᠦᠵᠡᠪᠡᠯ᠂ ᠨᠢᠭᠡᠳᠦᠭᠡᠷ ᠤᠯᠠᠷᠢᠯ ᠤᠨ ᠪᠠᠷᠢᠯᠭ᠎ᠠ ᠶᠢᠨ ᠲᠥᠷᠥᠯ ᠵᠦᠢᠯ ᠨᠢ ᠭᠤᠣᠯᠳᠠᠭᠤ ᠭᠤᠷᠪᠠᠨ | ᠶᠡᠭᠡ ᠣᠨᠴᠠᠯᠢᠭ ᠲᠠᠢ᠄ ᠣᠷᠣᠨ ᠪᠦᠰᠡ ᠶᠢᠨ ᠬᠥᠭᠵᠢᠯᠲᠡ ᠶᠢᠨ ᠲᠥᠷᠥᠯ ᠵᠦᠢᠯ ᠲᠣᠭᠲᠠᠭᠤᠨ ᠢᠶᠠᠷ ᠲᠦᠷᠭᠡᠳᠴᠦ᠂ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠭᠠᠵᠠᠷ ᠤᠨ ᠭᠤᠶᠤᠴᠢᠯᠠᠨ | ᠮᠡᠳᠡᠭᠦᠯᠦᠭᠰᠡᠨ ᠪᠠᠷᠢᠯᠭ᠎ᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠪᠠᠶᠢᠳᠠᠯ ᠰᠠᠶᠢᠨ ᠪᠠᠶᠢᠨ᠎ᠠ︔ ᠴᠢᠬᠤᠯᠠ ᠶᠡᠭᠡ | ᠪᠠᠷᠢᠯᠭ᠎ᠠ ᠶᠢᠨ ᠲᠥᠷᠥᠯ ᠵᠦᠢᠯ ᠵᠠᠯᠭᠠᠭ᠎ᠠ ᠪᠠᠷ ᠠᠵᠢᠯ ᠡᠬᠢᠯᠡᠵᠦ᠂ ᠨᠢᠭᠡᠳᠦᠭᠡᠷ ᠤᠯᠠᠷᠢᠯ ᠳᠤ ᠪᠠᠷᠢᠯᠭ᠎ᠠ ᠶᠢᠨ ᠶᠡᠷᠦᠩᠬᠡᠢ ᠦᠨ᠎ᠡ ᠦᠷᠳᠡᠭ ᠨᠢ 10 | ᠳ᠋ᠦᠩᠰᠢᠭᠤᠷ ᠲᠥᠭᠦᠷᠢᠭ ᠢ ᠳᠠᠪᠠᠭᠰᠠᠨ ᠴᠢᠬᠤᠯᠠ ᠶᠡᠭᠡ ᠲᠥᠷᠥᠯ ᠵᠦᠢᠯ ᠨᠡᠶᠢᠲᠡ 182 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 41.8% ᠪᠠᠷ | ᠨᠡᠮᠡᠭᠳᠡᠪᠡ︔ ᠨᠠᠩ ᠣᠯᠠᠨ ︽ᠵᠢᠵᠢᠭ ᠮᠥᠷᠲᠡᠭᠡᠨ ᠭᠤᠶᠢᠳᠠ︾ ᠲᠥᠷᠥᠯ ᠵᠦᠢᠯ ᠤᠷᠤᠭᠰᠢᠲᠠᠢ ᠠᠬᠢᠵᠤ᠂ ᠨᠢᠭᠡᠳᠦᠭᠡᠷ ᠤᠯᠠᠷᠢᠯ ᠤᠨ ᠪᠠᠷᠢᠯᠭ᠎ᠠ ᠶᠢᠨ | ᠶᠡᠷᠦᠩᠬᠡᠢ ᠦᠨ᠎ᠡ ᠦᠷᠳᠡᠭ ᠨᠢ 500 ᠲᠦᠮᠡᠨ ᠲᠥᠭᠦᠷᠢᠭ ᠠᠴᠠ ᠳᠣᠣᠷ᠎ᠠ ᠲᠥᠷᠥᠯ ᠵᠦᠢᠯ ᠨᠡᠶᠢᠲᠡ 1.7 ᠲᠦᠮᠡ ᠪᠠᠶᠢᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠲᠦᠷᠦᠯ ᠵᠦᠢᠯ ᠣᠯᠠᠩᠬᠢ ᠲᠤᠭ᠎ᠠ ᠶᠢ ᠡᠵᠡᠯᠡᠪᠡ᠃ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠱᠠᠲᠤ ᠲᠥᠷᠥᠯ | ᠬᠤᠪᠢᠶᠠᠨ᠂ ᠬᠠᠷᠠᠯᠲᠠ ᠲᠠᠢ ᠪᠠᠷ ᠠᠶᠠᠯᠠᠯ ᠢ ᠬᠠᠮᠠᠭᠠᠯᠠᠵᠤ᠂ ᠡᠯ᠎ᠡ ᠲᠥᠷᠥᠯ ᠤᠨ ᠪᠠᠷᠢᠯᠭ᠎ᠠ ᠶᠢᠨ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠳᠤ | ᠬᠦᠴᠦᠲᠡᠢ ᠪᠠᠲᠤᠯᠠᠭ᠎ᠠ ᠬᠠᠩᠭᠠᠵᠤ᠂ ᠠᠷᠠᠳ ᠤᠨ ᠠᠮᠢᠳᠤᠷᠠᠯ ᠪᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ | ᠢᠯᠡᠳᠬᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ︶ | |