| 6 ᠰᠠᠷ᠎ᠠ ᠶᠢᠨ 10 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠤᠷᠢᠶᠠ ᠶᠢᠨ ᠶᠡᠷᠦᠩᠬᠡᠶᠢᠯᠡᠭᠴᠢ ᠯᠢ ᠽᠠᠢ ᠮᠢᠩ ᠲᠠᠢ | ᠤᠲᠠᠰᠤ ᠪᠠᠷ ᠶᠠᠷᠢᠯᠴᠠᠪᠠ᠃ | ᠰᠢ ᠶᠢᠨ ᠫᠢᠩ ᠯᠢ ᠽᠠᠢ ᠮᠢᠩ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠳᠠᠬᠢᠨᠲᠠ ᠪᠠᠶᠠᠷ ᠬᠦᠷᠭᠡᠪᠡ᠃ ᠰᠢ ᠶᠢᠨ ᠫᠢᠩ᠂ ᠳᠤᠮᠳᠠᠳᠤ ᠺᠤᠷᠢᠶᠠ | ᠪᠣᠯ ᠰᠢᠯᠵᠢᠰᠢ ᠦᠭᠡᠢ ᠬᠥᠷᠰᠢ ᠤᠯᠤᠰ ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 33 ᠵᠢᠯ ᠤᠨ ᠲᠤᠷᠰᠢ ᠬᠤᠶᠠᠷ ᠤᠯᠤᠰ ᠢᠶᠠᠷ ᠢᠶᠠᠨ ᠦᠵᠡᠯ | ᠤᠬᠠᠮᠰᠠᠷ ᠤᠨ ᠭᠡᠯᠪᠡᠷᠢ ᠪᠣᠯᠣᠨ ᠨᠡᠶᠢᠭᠡᠮ ᠤᠨ ᠪᠠᠶᠢᠭᠤᠯᠤᠯ ᠤᠨ ᠵᠥᠷᠢᠶ᠎ᠡ ᠶᠢ ᠳᠠᠪᠠᠵᠤ᠂ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ | ᠢᠳᠡᠪᠬᠢᠲᠡᠢ ᠠᠬᠢᠭᠤᠯᠵᠤ᠂ ᠬᠠᠷᠢᠯᠴᠠᠨ ᠠᠮᠵᠢᠯᠲᠠ ᠣᠯᠬᠤ ᠪᠠ ᠬᠠᠮᠲᠤ ᠪᠠᠷ ᠬᠥᠭᠵᠢᠬᠦ ᠶᠢ ᠪᠡᠶᠡᠯᠡᠭᠦᠯᠪᠡ᠃ ᠡᠷᠡᠭᠦᠯ ᠪᠥᠭᠡᠳ ᠲᠣᠭᠲᠠᠭᠤᠨ᠂ ᠦᠷᠭᠦᠯᠵᠢᠯᠡᠨ | ᠭᠦᠨᠵᠡᠭᠡᠶᠢᠷᠡᠭᠰᠡᠨ ᠳᠤᠮᠳᠠᠳᠤ ᠺᠤᠷᠢᠶᠠ ᠶᠢᠨ ᠬᠠᠷᠢᠯᠴᠠᠭ᠎ᠠ ᠨᠢ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠵᠣᠬᠢᠴᠠᠵᠤ᠂ ᠬᠤᠶᠠᠷ ᠤᠯᠤᠰ ᠤᠨ | ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ | ᠪᠣᠯᠣᠨ ᠬᠥᠭᠵᠢᠯ ᠴᠡᠴᠡᠭᠯᠡᠯ ᠳᠤ ᠠᠰᠢᠭᠲᠠᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠺᠤᠷᠢᠶᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠲᠤ ᠰᠠᠬᠢᠵᠤ᠂ ᠡᠶᠡᠯᠳᠡᠭ ᠬᠥᠷᠰᠢ ᠶᠢᠨ | ᠨᠥᠭᠦᠷᠰᠡᠭ ᠪᠠᠶᠢᠬᠤ ᠴᠢᠭᠯᠡᠯ ᠢᠶᠠᠨ ᠪᠠᠲᠤᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠷᠠᠯᠲᠠ ᠪᠠᠨ ᠪᠠᠷᠢᠮᠲᠠᠯᠠᠵᠤ᠂ ᠳᠤᠮᠳᠠᠳᠤ | ᠺᠤᠷᠢᠶᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠨᠡᠩ ᠥᠨᠳᠥᠷ ᠲᠦᠪᠰᠢᠨ ᠲᠡᠶᠢᠰᠢ ᠳᠠᠪᠰᠢᠬᠤ ᠶᠢ ᠠᠬᠢᠭᠤᠯᠵᠤ᠂ | ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠵᠢᠷᠭᠠᠯ ᠠᠪᠴᠢᠷᠠᠵᠤ᠂ ᠦᠢᠮᠡᠭᠡᠨ ᠳᠡᠪᠵᠢᠶᠡᠨ ᠰᠣᠯᠪᠢᠴᠠᠭᠰᠠᠨ ᠭᠠᠵᠠᠷ ᠣᠷᠣᠨ ᠪᠣᠯᠣᠨ | ᠳᠡᠯᠡᠬᠡᠢ ᠶᠢᠨ ᠪᠠᠶᠢᠳᠠᠯ ᠳᠤ ᠨᠡᠩ ᠤᠯᠠᠨ ᠲᠣᠬᠲᠠᠭᠠᠯᠲᠤ ᠴᠢᠨᠠᠷ ᠢ ᠨᠡᠮᠡᠷᠢᠯᠡᠪᠡᠯ ᠵᠣᠬᠢᠨ᠎ᠠ᠃ ᠡᠯ᠎ᠡ ᠱᠠᠲᠤ ᠳᠠᠪᠬᠤᠷᠭ᠎ᠠ ᠡᠯ᠎ᠡ ᠬᠦᠷᠢᠶᠡᠨ ᠳᠠᠬᠢ | ᠰᠣᠯᠢᠯᠴᠠᠭ᠎ᠠ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠤᠶᠡ︔ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠣᠯᠣᠨ | ᠤᠯᠠᠨ ᠲᠠᠯ᠎ᠠ ᠶᠢᠨ ᠵᠣᠬᠢᠴᠠᠭᠤᠯᠭ᠎ᠠ ᠪᠠᠨ ᠨᠢᠭᠲᠠᠷᠠᠭᠤᠯᠵᠤ᠂ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶ᠎ᠠ ᠶᠢ ᠬᠠᠮᠲᠤ ᠪᠠᠷ ᠬᠠᠮᠠᠭᠠᠯᠠᠵᠤ᠂ ᠪᠦᠭᠦ | ᠪᠥᠮᠪᠥᠷᠴᠡᠭ ᠪᠣᠯᠣᠨ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ | ᠨᠡᠪᠲᠡᠷᠡᠬᠦ ᠶᠢ ᠪᠠᠲᠤᠯᠠᠶ᠎ᠠ︔ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠠᠷᠠᠳ ᠤᠨ | ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠳᠤᠮᠳᠠᠳᠤ ᠺᠤᠷᠢᠶᠠ ᠶᠢᠨ ᠨᠥᠬᠦᠷᠯᠡᠯ ᠢ ᠬᠤᠶᠠᠷ ᠤᠯᠤᠰ ᠤᠨ ᠠᠷᠠᠳ ᠲᠦᠮᠡᠨ ᠤ ᠰᠡᠳᠬᠢᠯ ᠳᠤ | ᠦᠨᠳᠦᠰᠦᠯᠡᠭᠦᠯᠤᠶᠡ︔ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠴᠢᠬᠤᠯᠠ ᠶᠡᠭᠡ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ | ᠭᠦᠨᠳᠦᠳᠭᠡᠵᠦ᠂ ᠬᠤᠶᠠᠷ ᠲᠠᠯ᠎ᠠ ᠶᠢᠨ ᠬᠠᠷᠢᠯᠴᠠᠭᠠᠨ ᠤ ᠶᠡᠭᠡ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠺᠤᠷᠢᠶᠠ ᠶᠢᠨ ᠬᠠᠷᠢᠯᠴᠠᠭ᠎ᠠ ᠶᠢᠨ ᠢᠮᠠᠭᠲᠠ ᠵᠥᠪ | ᠵᠠᠮ ᠢᠶᠠᠷ ᠤᠷᠤᠭᠰᠢ ᠬᠥᠭᠵᠢᠬᠦ ᠶᠢ ᠪᠠᠲᠤᠯᠠᠶ᠎ᠠ ᠭᠡᠵᠦ ᠴᠢᠬᠤᠯᠠᠴᠢᠯᠠᠪᠠ᠃ | ᠯᠢ ᠽᠠᠢ ᠮᠢᠩ ᠡᠭᠦᠨ ᠢ ᠰᠠᠶᠢᠰᠢᠶᠠᠨ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠺᠤᠷᠢᠶᠠ ᠳᠤᠮᠳᠠᠳᠤ ᠶᠢᠨ ᠭᠠᠵᠠᠷ ᠵᠦᠢ ᠶᠢᠨ ᠪᠠᠶᠢᠷᠢᠯᠠᠯ | ᠣᠶᠢᠷᠠᠯᠴᠠᠭ᠎ᠠ᠂ ᠬᠤᠶᠠᠷ ᠲᠠᠯ᠎ᠠ ᠶᠢᠨ ᠶᠠᠪᠤᠯᠴᠠᠭ᠎ᠠ ᠥᠨᠢ ᠤᠳᠠᠭᠠᠨ ᠲᠡᠦᠬᠡ ᠲᠠᠢ᠂ ᠠᠵᠤ ᠠᠬᠤᠢ ᠠᠷᠠᠯᠵᠢᠶ᠎ᠠ᠂ ᠰᠣᠶᠣᠯ ᠤᠨ ᠬᠠᠷᠢᠯᠴᠠᠭ᠎ᠠ ᠨᠢᠭᠲᠠ ᠶᠤᠮ᠃ | ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠬᠥᠭᠵᠢᠯᠲᠡ ᠶᠢᠨ ᠲᠠᠯ᠎ᠠ ᠪᠠᠷ ᠠᠭᠤᠤ ᠶᠡᠭᠡ ᠠᠮᠵᠢᠯᠲᠠ | ᠪᠦᠳᠦᠮᠵᠢ ᠣᠯᠣᠭᠰᠠᠨ ᠨᠢ ᠬᠥᠮᠥᠰ ᠢ ᠪᠢᠰᠢᠷᠡᠭᠦᠯᠦᠨ᠎ᠡ᠃ ᠪᠢ ᠺᠤᠷᠢᠶᠠ ᠳᠤᠮᠳᠠᠳᠤ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ | ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠬᠤᠶᠠᠷ ᠲᠠᠯ᠎ᠠ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢᠨ ᠭᠦᠨᠵᠡᠭᠡᠶᠢᠷᠡᠨ | ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠬᠤᠭᠤᠷᠣᠨᠳᠣᠭᠢ ᠬᠠᠶᠢᠷ᠎ᠠ ᠰᠡᠳᠬᠢᠯᠭᠡ ᠶᠢ ᠰᠠᠶᠢᠵᠢᠷᠠᠭᠤᠯᠤᠨ ᠵᠤᠵᠠᠭᠠᠳᠬᠠᠵᠤ᠂ | ᠺᠤᠷᠢᠶᠠ ᠳᠤᠮᠳᠠᠳᠤ ᠶᠢᠨ ᠬᠠᠮᠲᠤᠷᠠᠯᠴᠠᠭ᠎ᠠ ᠳᠤ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 10 ᠤ ᠴᠠᠭᠢᠯᠭᠠᠨ ᠮᠡᠳᠡᠭᠡ︶ | | | |