| ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂ ᠣᠶᠢᠷ᠎ᠠ ᠳᠤ ᠣᠷᠠᠳ ᠤᠨ ᠡᠮᠦᠨᠡᠲᠤ ᠬᠤᠰᠢᠭᠤᠨ ᠤ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ᠂ ᠨᠢᠭᠡᠳᠦᠮᠡᠯ ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ︽ᠠᠮᠢ ᠠᠬᠤᠢ ᠶᠢᠨ ᠰᠠᠭᠤᠷᠢ ᠶᠢ ᠰᠠᠬᠢᠨ | ᠬᠠᠮᠠᠭᠠᠯᠠᠵᠤ ᠬᠠᠮᠲᠤᠪᠠᠷ ᠪᠦᠯᠬᠦᠮᠳᠡᠯ ᠤᠨ ᠰᠢᠨ᠎ᠡ ᠬᠠᠭᠤᠳᠠᠰᠤ ᠶᠢ ᠵᠢᠷᠤᠭᠯᠠᠶ᠎ᠠ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ | ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠤᠯᠠᠭᠠᠨᠰᠤᠬᠠᠢ ᠶᠢᠨ ᠠᠮᠢ ᠠᠬᠤᠢ ᠶᠢᠨ ᠰᠠᠪᠠ ᠭᠠᠵᠠᠷ ᠤᠨ ᠦᠵᠡᠬᠦᠯᠭᠡ ᠶᠢᠨ ᠲᠢᠩᠬᠢᠮ᠂ | ᠬᠤᠯᠤᠰᠤ ᠵᠥᠭᠡᠭᠡᠪᠦᠷᠢᠯᠡᠬᠦ ᠦᠢᠯᠡᠳᠦᠯᠭᠡ ᠶᠢᠨ ᠰᠠᠭᠤᠷᠢᠨ ᠳᠤ ᠬᠦᠷᠴᠦ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠰᠣᠶᠣᠯ ᠤᠨ ᠤᠯᠠᠮᠵᠢᠯᠠᠯ ᠤᠨ ᠲᠣᠮᠳᠠ | ᠦᠨᠳᠦᠰᠦᠲᠡᠨ ᠤ ᠪᠦᠯᠬᠦᠮᠳᠡᠯ ᠤᠨ ᠴᠠᠭ ᠦᠶ᠎ᠡ ᠶᠢᠨ ᠠᠭᠤᠯᠤᠭᠳᠠᠬᠤᠨ ᠢ ᠣᠶᠢᠯᠠᠭᠠᠪᠠ᠃ | ᠤᠯᠠᠭᠠᠨᠰᠤᠬᠠᠢ ᠶᠢᠨ ᠠᠮᠢ ᠠᠬᠤᠢ ᠶᠢᠨ ᠰᠠᠪᠠ ᠭᠠᠵᠠᠷ ᠤᠨ ᠦᠵᠡᠭᠦᠯᠭᠡ ᠶᠢᠨ ᠲᠢᠩᠬᠢᠮ ᠳᠤ᠂ ᠨᠠᠮ ᠤᠨ ᠭᠡᠰᠢᠭᠦᠨ ᠺᠠᠳ᠋ᠷᠴᠤᠳ ᠠᠴᠠ ᠬᠡᠷᠡᠯ ᠵᠢᠷᠤᠭ | ᠤᠨ ᠦᠵᠡᠭᠦᠯᠭᠡ ᠂ ᠡᠯᠡᠰᠦᠨ ᠴᠠᠷ᠎ᠠ ᠶᠢᠨ ᠵᠠᠭᠪᠤᠷ ᠵᠢᠴᠢ ᠵᠠᠭᠤᠴᠢᠯᠠᠭᠤᠷ ᠮᠡᠳᠡᠭᠡᠯᠡᠯ ᠢᠶᠠᠷ ᠳᠠᠮᠵᠢᠭᠤᠯᠤᠨ᠂ ︽ᠪᠣᠭᠤᠮᠲᠠ ᠶᠢᠨ ᠭᠠᠳᠠᠨᠠᠬᠢ ᠭᠡᠷᠡᠯᠲᠦ | ᠰᠤᠪᠤᠳ︾ ᠤᠨ ᠪᠣᠶ ᠪᠣᠯᠤᠭᠰᠠᠨ ᠥᠩᠭᠡᠷᠡᠯᠲᠡ ᠶᠢ ᠣᠶᠢᠯᠠᠭᠠᠪᠠ ᠃ ᠬᠤᠯᠤᠰᠤ ᠵᠥᠭᠡᠭᠡᠪᠦᠷᠢᠯᠡᠬᠦ ᠦᠢᠯᠡᠳᠦᠯᠭᠡ ᠶᠢᠨ ᠰᠠᠭᠤᠷᠢᠨ ᠳᠤ᠂ ᠪᠣᠳᠠᠰ ᠤᠨ | ᠪᠤᠰᠤ ᠰᠣᠶᠣᠯ ᠤᠨ ᠥᠪ ᠤᠨ ᠤᠯᠠᠮᠵᠢᠯᠠᠭᠴᠢ ᠠᠴᠠ ᠤᠯᠠᠨ ᠢ ᠳᠠᠭᠠᠭᠤᠯᠤᠨ ᠦᠨᠳᠦᠰᠦᠲᠡᠨ ᠤ ᠣᠨᠴᠠᠯᠢᠭ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ | ᠬᠠᠮᠤᠷᠤᠭᠰᠠᠨ ᠬᠤᠯᠣᠰᠣᠨ ᠵᠢᠷᠤᠭ ᠤᠨ ᠪᠦᠲᠦᠭᠡᠯ ᠢ ᠰᠣᠨᠢᠷᠬᠠᠭᠤᠯᠵᠣ ᠪᠠᠰᠠ ᠲᠤᠬᠠᠢ ᠶᠢᠨ ᠲᠠᠯᠠᠪᠠᠢ ᠳᠤ ᠬᠤᠯᠤᠰᠤᠨ ᠤ ᠵᠢᠷᠤᠭ ᠢ ᠦᠢᠯᠡᠳᠬᠦ ᠠᠵᠢᠯ ᠢ | ᠪᠡᠶᠡᠴᠢᠯᠡᠨ ᠣᠶᠢᠯᠠᠭᠠᠪᠠ᠃ | ᠲᠣᠰ ᠤᠳᠠᠭᠠᠨ ᠤ ᠨᠠᠮ ᠤᠨ ᠡᠳᠦᠷ ᠤᠨ ᠠᠵᠢᠯᠯᠠᠭ᠎ᠠ ᠪᠣᠯ ᠨᠢᠭᠡ ᠤᠳᠠᠭᠠᠨ ᠤ ᠠᠮᠢ ᠠᠬᠤᠶ ᠶᠢᠨ ᠬᠥᠮᠦᠵᠢᠯ ᠤᠨ ᠬᠢᠴᠢᠶᠡᠯ ᠪᠣᠯᠬᠤ ᠪᠠᠷ ᠪᠠᠷᠠᠬᠤ | ᠥᠬᠡᠶ᠂ ᠨᠠᠩ ᠴᠤ ᠦᠨᠳᠦᠰᠦᠲᠡᠨ ᠤ ᠪᠦᠯᠬᠦᠮᠳᠡᠯ ᠤᠨ ︽ᠦᠵᠡᠯ ᠰᠠᠨᠠᠭᠠᠨ ᠤ ᠳᠠᠶᠢᠴᠢᠯᠠᠯᠲᠠ ᠶᠢᠨ ᠬᠤᠷᠠᠯ︾ ᠪᠣᠯᠤᠨ᠎ᠠ᠃ ᠨᠠᠮ ᠤᠨ ᠭᠡᠰᠢᠭᠦᠨ | ᠺᠠᠳ᠋ᠷᠴᠤᠳ ᠠᠴᠠ ᠲᠤᠰ ᠤᠳᠠᠭ᠎ᠠ ᠶᠢᠨ ᠠᠵᠢᠯᠯᠠᠭ᠎ᠠ ᠪᠠᠷ ᠭᠠᠷᠤᠭ᠎ᠠ ᠪᠣᠯᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ︾ ᠪᠣᠯᠤᠨ ︽ᠪᠦᠯᠬᠦᠮᠳᠡᠨ | ᠨᠢᠭᠡᠳᠬᠦ︾ ᠳᠠᠪᠬᠤᠷ ᠬᠠᠷᠢᠭᠤᠴᠠᠯᠭ᠎ᠠ ᠶᠢ ᠮᠥᠷᠥᠨ ᠳᠡᠭᠡᠷ᠎ᠡ ᠪᠠᠨ ᠡᠭᠦᠷᠭᠡᠯᠡᠵᠦ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠪᠠᠷ | ᠣᠷᠣᠰᠢᠬᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠤ ᠪᠠᠷ ᠣᠷᠣᠰᠢᠬᠤ ᠰᠠᠶᠢᠨ ᠰᠠᠶᠢᠬᠠᠨ ᠭᠡᠷ ᠣᠷᠣᠨ ᠢ ᠪᠦᠳᠦᠭᠡᠨ ᠪᠠᠶᠢᠭᠤᠯᠬᠤ ᠳᠤ | ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | | |