6 ᠰᠠᠷ᠎ᠠ ᠶᠢᠨ 10 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠬᠤᠰᠢᠭᠤᠨ ᠤ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢᠬᠢ ᠪᠥᠬᠦ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠤᠭᠠᠳ ᠣᠯᠤᠭᠰᠠᠨ | ᠢᠯᠡᠳᠲᠡ ᠦᠷ᠎ᠡ ᠪᠦᠲᠦᠮᠵᠢ ᠪᠠ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ | ᠰᠣᠯᠢᠯᠴᠠᠪᠠ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠶᠠᠩ ᠭᠧᠨ ᠬᠤ᠋ ᠠᠴᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 13 ᠳ᠋ᠤᠭᠠᠷ | ᠤᠳᠠᠭᠠᠨ ᠤ ᠬᠤᠷᠠᠯ ᠤᠨ ᠵᠣᠷᠢᠭ ᠰᠠᠨᠠᠭ᠎ᠠ ᠵᠢᠴᠢ ︽ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ | ᠮᠡᠳᠡᠭᠳᠡᠯ︾ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶᠠᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠭᠦᠨᠵᠡᠭᠡᠶ ᠲᠠᠶᠢᠯᠪᠤᠷᠢᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠲᠦᠷᠢᠮ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠠᠭᠠᠵᠠᠯᠠᠬᠤ ᠲᠤᠬᠠᠶ ᠪᠣᠳᠠᠲᠠᠶ ᠲᠣᠭᠲᠠᠭᠠᠯ ᠢ ᠨᠠᠷᠢᠨ ᠲᠠᠶᠢᠯᠪᠤᠷᠢᠯᠠᠪᠠ᠃ | ᠬᠤᠷᠠᠯ ᠠᠴᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ᠮᠡᠳᠡᠭᠳᠡᠯ ᠨᠢ | ᠴᠡᠭᠴᠡᠯᠡᠨ ᠵᠠᠰᠠᠬᠤ ᠠᠵᠢᠯ ᠳᠤ ᠰᠢᠨ᠎ᠡ ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ ᠳᠤᠷᠠᠳᠴᠤ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠴᠦᠰ ᠲᠤᠨᠢ ᠲᠤᠯᠲᠠᠯ᠎ᠠ ᠬᠢᠭᠰᠡᠨ ᠪᠠᠶᠢᠨ᠎ᠠ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ | ᠣᠯᠠᠨ ᠲᠦᠮᠡᠨ ᠢ ᠳᠠᠶᠢᠴᠢᠯᠠᠨ ᠰᠤᠷᠤᠯᠴᠠᠭᠤᠯᠵᠤ᠂ ᠲᠡᠷᠡ ᠬᠡᠪ ᠢᠶᠠᠷ ᠨᠢ ᠬᠢᠬᠦ ᠬᠡᠷᠡᠭᠲᠡᠶ᠃ ︽ᠨᠢᠭᠡᠳᠦᠭᠡᠷ ᠭᠠᠷ︾ ᠨᠢ ︽ᠲᠦᠷᠦᠭᠦᠴᠢ ᠭᠠᠯᠠᠭᠤ ᠶᠢᠨ | ᠦᠢᠯᠡᠳᠦᠯ︾ ᠢ ᠰᠠᠶᠢᠲᠤᠷ ᠪᠠᠳᠠᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠪᠠᠭ ᠢᠶᠠᠨ ᠰᠠᠶᠢᠲᠤᠷ ᠠᠳᠬᠤᠵᠤ᠂ | ᠡᠩᠨᠡᠭᠡ ᠪᠠᠨ ᠰᠠᠶᠢᠲᠤᠷ ᠳᠠᠭᠠᠭᠤᠯᠬᠤ ᠬᠡᠷᠡᠭᠲᠡᠢ︔ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ | ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢᠯᠡᠷᠡᠪᠡᠯ ᠴᠣᠬᠢᠵᠤ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ | ᠦᠭᠡᠢ ᠬᠡᠪᠡ᠃ | ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ | ᠵᠢᠴᠢ ︽ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ︾ ᠴᠢᠬᠤᠯᠠ ᠱᠠᠭᠠᠷᠳᠠᠯᠭ᠎ᠠ ᠶᠢ ᠰᠤᠷᠤᠯᠴᠠᠯᠭ᠎ᠠ ᠬᠥᠮᠦᠵᠢᠯ ᠤᠨ ᠪᠦᠬᠦ ᠶᠠᠪᠤᠴᠠ ᠳᠤ | ᠲᠤᠭᠤᠰᠢᠯᠠᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ | ᠬᠡᠷᠡᠭ ᠢᠶᠠᠷ ᠴᠡᠭᠡᠷᠯᠡᠯ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠬᠡᠷᠡᠭᠲᠡᠢ᠃ ᠡᠭᠦᠨ ᠤ ᠬᠠᠮᠲᠤ᠂ ᠤᠬᠠᠭᠤᠯᠵᠤ ᠬᠥᠲᠥᠯᠥᠨ | ᠵᠢᠯᠣᠭᠤᠳᠬᠤ ᠪᠠᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠡᠷᠡᠭᠦᠯ ᠪᠤᠰᠤ ᠰᠤᠷᠲᠠᠯ ᠢ ᠴᠡᠭᠴᠡᠯᠡᠨ ᠵᠠᠰᠠᠬᠤ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠵᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠡᠯ᠎ᠡ ᠵᠦᠢᠯ ᠤᠨ | ᠡᠭᠦᠷᠭᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠤᠰᠤᠳ ᠤᠴᠢᠷ ᠶᠠᠪᠤᠳᠠᠯ ᠢ ᠰᠤᠳᠤᠯᠪᠠ᠃ | | | |