| 6 ᠰᠠᠷ᠎ᠠ ᠶᠢᠨ 11 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠺᠣᠩᠭᠣ᠋ ︵ᠪᠷᠠᠽᠡᠸᠢᠯ︶ ᠶᠢᠨ ᠶᠡᠷᠦᠩᠬᠡᠶᠢᠯᠡᠭᠴᠢ ᠰᠠᠰᠦ᠋ ᠲᠣᠰ | ᠲᠣᠰ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠵᠣᠬᠢᠴᠠᠭᠤᠯᠤᠭᠴᠢ ᠶᠢᠨ | ᠰᠠᠶᠢᠳ ᠤᠨ ᠲᠠᠰ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠵᠦ᠂ ᠲᠤᠰ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ | ᠢᠯᠡᠳᠬᠡᠪᠡ᠃ | ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 25 ᠵᠢᠯ ᠤᠨ ᠲᠤᠷᠰᠢ ᠳᠤᠮᠳᠠᠳᠤ | ᠠᠹᠷᠢᠺᠠ ᠶᠢᠨ ᠬᠠᠮᠲᠤᠷᠠᠯᠴᠠᠭᠠᠨ ᠤ ᠥᠷᠨᠢᠩᠭᠦᠢ ᠬᠥᠭᠵᠢᠯᠲᠡ ᠶᠢ ᠬᠦᠴᠦᠲᠡᠢ ᠲᠠᠶᠢᠴᠢᠯᠠᠵᠥ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠤᠨ ᠪᠦᠯᠬᠦᠮᠳᠡᠯ ᠬᠠᠮᠲᠤᠷᠠᠯᠴᠠᠭᠠᠨ ᠤ ᠬᠡᠪ ᠳᠠᠭᠤᠷᠢᠶᠠᠯ ᠪᠣᠯᠪᠠ᠃ ᠨᠢᠳᠤᠨᠤᠨ ᠤ 9 ᠰᠠᠷ᠎ᠠ ᠳᠤ ᠪᠢ ᠠᠹᠷᠢᠺᠠ ᠲᠢᠪ ᠤᠨ ᠤᠳᠤᠷᠢᠳᠬᠤ | ᠬᠥᠮᠥᠰ ᠲᠠᠢ ᠬᠠᠮᠲᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠳᠡᠭᠡᠷ᠎ᠡ ᠭᠠᠷ ᠬᠤᠯᠪᠣᠨ ︽ᠵᠢᠷᠭᠤᠭᠠᠨ ᠣᠳᠣᠬᠢᠴᠢᠯᠠᠯᠲᠠ | ︾ ᠶᠢ ᠠᠬᠢᠭᠤᠯᠵᠤ᠂ ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠠᠮᠲᠤ ᠪᠠᠷ ᠬᠡᠷᠡᠭᠵᠢᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢ ᠬᠥᠲᠥᠯᠥᠨ | ᠳᠠᠭᠠᠭᠤᠯᠵᠤ ᠰᠢᠨ᠎ᠡ ᠴᠠᠭ ᠦᠶ᠎ᠡ ᠶᠢᠨ ᠥᠨᠢᠳᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠱᠠᠲᠤᠨ ᠳᠤ | ᠣᠷᠣᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠪᠡ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠲᠦᠷᠦᠭᠦᠴᠦᠳ ᠤᠨ ᠬᠤᠷᠠᠯ ᠤᠨ ᠦᠷ᠎ᠡ | ᠪᠦᠲᠦᠭᠡᠯ ᠢ ᠨᠠᠶᠢᠳᠠᠪᠤᠷᠢᠵᠢᠭᠤᠯᠬᠤ ᠠᠵᠢᠯ ᠨᠢᠭᠡ ᠪᠦᠯᠦᠭ ᠪᠠᠶᠠᠷᠯᠠᠭᠤᠰᠢᠲᠠᠢ ᠡᠮᠦᠨᠡᠬᠢ ᠬᠤᠭᠤᠴᠠᠭᠠᠨ ᠤ ᠠᠮᠵᠢᠯᠲᠠ ᠣᠯᠵᠠᠢ᠃ ᠳᠤᠮᠳᠠᠳᠤ ᠠᠹᠷᠢᠺᠠ | ᠬᠤᠶᠠᠷ ᠲᠠᠯ᠎ᠠ ᠪᠠᠷ ᠢᠶᠠᠨ ᠪᠠᠰᠠ 2026 ᠣᠨ ᠤ ︽ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢ ᠪᠡᠯᠡᠳᠬᠡᠨ | ᠡᠷᠭᠢᠯᠡᠭᠦ ᠲᠤᠬᠠᠢ ᠬᠠᠮᠲᠤ ᠶᠢᠨ ᠲᠠᠨᠢᠯᠲᠠ ᠲᠠᠢ ᠪᠣᠯᠪᠠ᠂ ᠡᠨᠡ ᠨᠢ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭ᠎ᠠ ᠳᠤ ᠰᠢᠨ᠎ᠡ ᠠᠮᠢᠵᠢᠷᠠᠯ ᠤᠨ | ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠪᠠᠶᠢᠳᠠᠯ ᠬᠤᠪᠢᠷᠠᠯᠲᠠ ᠶᠡᠬᠡᠲᠡᠢ ᠡᠭᠡᠳᠡᠷᠡᠭᠡᠨ ᠪᠤᠳᠤᠯᠢᠶᠠᠨᠲᠠᠢ ᠪᠠᠶᠢᠨ᠎ᠠ᠃ ᠳᠤᠮᠳᠠᠳᠤ ᠤᠯᠤᠰ ᠠᠴᠠ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠭᠢᠶᠠᠯ ᠬᠠᠩᠭᠠᠵᠤ᠂ | ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢᠶᠠᠷ ᠠᠹᠷᠢᠺᠠ ᠲᠢᠪ ᠵᠡᠷᠭᠡ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠨᠢᠲᠠᠨ ᠳᠤ | ᠰᠢᠨ᠎ᠡ ᠬᠥᠳᠡᠯᠭᠡᠬᠦ ᠡᠨᠧᠷᠭᠢ ᠬᠠᠩᠭᠠᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ ᠳᠤᠷᠠᠲᠠᠶ᠎ᠠ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ | ᠬᠠᠷᠢᠯᠴᠠᠭ᠎ᠠ ᠶᠢᠨ ᠬᠡᠯᠡᠯᠴᠡᠭᠡᠷ ᠢ ᠵᠥᠪᠳᠡᠯᠴᠡᠨ ᠲᠣᠭᠲᠠᠬᠤ ᠪᠠᠷ ᠳᠠᠮᠵᠢᠨ ᠲᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ | ᠲᠢᠪ ᠤᠨ 53 ᠤᠯᠤᠰ ᠲᠤ ᠭᠠᠶᠢᠯᠢ ᠬᠤᠷᠢᠶᠠᠪᠠᠰᠤ ᠵᠣᠬᠢᠬᠤ 100% ᠶᠢᠨ ᠲᠦᠷᠦᠯ ᠵᠦᠢᠯ ᠤᠨ ᠦᠢᠯᠡᠳᠬᠦᠨ ᠠᠴᠠ ᠪᠣᠭᠤᠮᠲᠠ ᠶᠢᠨ ᠭᠠᠶᠢᠯᠢ | ᠬᠤᠷᠢᠶᠠᠬᠤ ᠦᠭᠡᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠠᠹᠷᠢᠺᠠ ᠲᠢᠪ ᠤᠨ ᠬᠠᠮᠤᠭ ᠤᠨ ᠬᠥᠭᠵᠢᠭᠡᠳᠦᠢ ᠤᠯᠤᠰ ᠤᠨ ᠳᠤᠮᠳᠠᠳᠤ | ᠤᠯᠤᠰ ᠲᠠᠬᠢ ᠭᠠᠳᠠᠭᠠᠳᠤ ᠭᠠᠷᠭᠠᠯᠲᠠ ᠳᠤ ᠨᠡᠩ ᠤᠯᠠᠨ ᠲᠦᠭᠦᠮ ᠦᠵᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠤᠭ᠎ᠠ ︽ᠠᠷᠪᠠᠨ | ᠶᠡᠭᠡ ᠬᠠᠨᠢᠲᠠᠨ ᠤ ᠠᠵᠢᠯᠯᠠᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠣᠬᠢᠷᠳᠤᠯ ᠦᠭᠡᠢ ᠠᠵᠤ ᠦᠢᠯᠡᠰ᠂ ᠡᠯᠧᠺᠲᠷᠣᠨ ᠬᠤᠳᠠᠯᠳᠤᠭᠠᠨ ᠤ ᠶᠠᠪᠤᠳᠠᠯ | ᠪᠣᠯᠣᠨ ᠲᠣᠭᠠᠴᠠᠭ᠎ᠠ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠮᠤᠷ ᠲᠦᠪᠰᠢᠨ᠂ ᠮᠥᠩᠭᠦᠨ ᠭᠦᠢᠯᠭᠡᠭᠡᠨ᠂ ᠬᠠᠤᠯᠢ ᠪᠠᠷ ᠵᠠᠰᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠡᠭᠡᠭᠡᠯᠲᠡ ᠬᠢᠵᠦ ᠬᠠᠮᠲᠤᠷᠠᠯᠴᠠᠬᠤ ᠪᠣᠯ ᠬᠥᠮᠥᠨ ᠤ ᠶᠢᠷᠲᠢᠨᠴᠦ ᠶᠢᠨ ᠵᠥᠪ ᠵᠠᠮ ᠮᠥᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠪᠣᠯ ᠠᠷᠠᠳ ᠤᠨ ᠰᠡᠳᠬᠢᠯ ᠤᠨ ᠬᠠᠨᠳᠤᠰᠢ ᠮᠥᠨ᠃ ᠳᠤᠮᠳᠠᠳᠤ ᠠᠹᠷᠢᠺᠠ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ᠨᠢ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠬᠦᠴᠦᠲᠡᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ | ᠪᠣᠯᠣᠨ ᠬᠥᠭᠵᠢᠯᠲᠡ ᠶᠢᠨ ᠦᠢᠯᠡᠰ ᠲᠤ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠵᠦ ᠥᠭᠬᠦ ᠪᠣᠯᠣᠨ᠎ᠠ᠃ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ | ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠵᠤ᠂ ᠶᠠᠷᠢᠶᠠᠨ ᠤ | ᠲᠠᠪᠴᠠᠩ ᠤᠨ ᠢᠷᠡᠭᠡᠳᠦᠢ ᠶᠢᠨ ᠬᠥᠭᠵᠢᠯᠲᠡ ᠶᠢ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠰᠢᠨ᠎ᠡ ᠴᠠᠭ ᠦᠶ᠎ᠡ ᠶᠢᠨ ᠥᠨᠢᠳᠡ ᠶᠢᠨ ᠳᠤᠮᠳᠠᠳᠤ | ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠳᠤ ᠳᠤᠮᠳᠠᠳᠤ ᠠᠹᠷᠢᠺᠠ ᠶᠢᠨ ᠬᠦᠴᠦᠨ ᠴᠢᠳᠠᠯ ᠢᠶᠠᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠠᠰᠦ᠋ ᠪᠠᠶᠠᠷ ᠤᠨ ᠵᠠᠬᠢᠳᠠᠯ ᠳᠠᠭᠠᠨ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ | ᠬᠤᠷᠠᠯ ᠬᠤᠷᠠᠯᠳᠤᠭᠰᠠᠨ ᠠᠴᠠ ᠨᠠᠭᠠᠰᠢ ᠠᠹᠷᠢᠺᠠ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠦᠯᠡᠮᠵᠢ | ᠦᠷ᠎ᠡ ᠪᠦᠲᠦᠭᠡᠯ ᠣᠯᠵᠠᠢ᠃ ᠲᠤᠰ ᠬᠤᠭᠤᠴᠠᠭᠠᠨ ᠤ ᠵᠣᠬᠢᠴᠠᠭᠤᠯᠤᠭᠴᠢ ᠶᠢᠨ ᠬᠤᠷᠠᠯ ᠨᠢ ᠶᠠᠭ ᠰᠠᠶᠢᠬᠠᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ | ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 25 ᠵᠢᠯ ᠤᠨ ᠤᠢ ᠳᠤ ᠲᠣᠬᠢᠶᠠᠭᠰᠠᠨ ᠪᠠᠶᠢᠨ᠎ᠠ᠃ ᠪᠢ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠡᠷᠡᠰ | ᠭᠤᠶᠢᠪᠢᠰᠢ ᠦᠭᠡᠢ ᠪᠠᠷ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠠᠹᠷᠢᠺᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠨᠡᠩ ᠶᠡᠭᠡ ᠠᠬᠢᠴᠠ ᠲᠠᠢ ᠪᠤᠯᠬᠤ ᠶᠢ ᠠᠬᠢᠭᠤᠯᠵᠤ᠂ ᠬᠤᠶᠠᠷ ᠲᠠᠯ᠎ᠠ ᠶᠢᠨ ᠠᠷᠠᠳ ᠤᠯᠠᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ᠃ | ᠺᠣᠩᠭᠣ᠋ ︵ᠪᠷᠠᠽᠡᠸᠢᠯ︶ ᠨᠢ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠬᠠᠮᠲᠤ ᠶᠢᠨ | ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠳᠤᠷᠠᠲᠠᠶ᠎ᠠ ᠳᠤᠮᠳᠠᠳᠤ ᠤᠯᠤᠰ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠪᠤᠰᠤᠳ | ᠤᠯᠤᠰ ᠤᠳ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠳᠣᠣᠷᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠭᠴᠠ ᠲᠠᠯᠠᠲᠤ | ᠦᠵᠡᠯ ᠪᠣᠯᠣᠨ ᠬᠠᠮᠠᠭᠠᠯᠠᠬᠤ ᠦᠵᠡᠯ ᠠᠴᠠ ᠵᠠᠶᠢᠳᠠᠭᠰᠠᠨ ᠤᠯᠠᠨ ᠲᠤᠶᠢᠯᠲᠤ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠵᠤ᠂ ᠲᠦᠭᠡᠮᠡᠯ ᠬᠠᠷᠠᠭᠠᠯᠵᠠᠯᠲᠤ | ᠪᠠᠭᠲᠠᠭᠠᠮᠵᠢᠲᠠᠢ ᠳᠡᠯᠡᠬᠡᠶᠢᠵᠢᠯᠲᠡ ᠶᠢᠨ ᠰᠢᠨ᠎ᠡ ᠴᠠᠭ ᠦᠶ᠎ᠡ ᠶᠢ ᠨᠡᠭᠡᠭᠡᠨ᠎ᠡ ᠭᠡᠵᠦ ᠢᠯᠡᠳᠬᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 11 ᠤ ᠴᠠᠭᠢᠯᠭᠠᠨ ᠮᠡᠳᠡᠭᠡ︶ | |