ᠿᠧᠳᠢ ᠨᠥᠬᠦᠷ ᠤᠨ ᠴᠢᠨᠳᠠᠷ ᠢ ᠪᠡᠭᠡᠵᠢᠩ ᠳᠤ ᠳᠡᠭᠳᠡᠭᠡᠪᠡ
ᠨᠡᠶᠢᠲᠡᠯᠡᠭᠰᠡᠨ ᠴᠠᠭ᠄
2025/6/13
     ᠰᠢ ᠶᠢᠨ ᠫᠢᠩ  ᠯᠢ ᠴᠢᠶᠠᠩ  ᠵᠤᠤ ᠯᠧ ᠵᠢᠢ  ᠸᠠᠩ ᠬᠤ᠋ ᠨᠢᠩ  ᠼᠠᠢ ᠴᠢ  ᠳ᠋ᠢᠩ ᠰᠢᠤᠸᠠᠢ ᠰᠢᠶᠠᠩ  ᠯᠢ ᠰᠢ ᠨᠠᠷ ᠪᠠᠪᠤᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠳᠤ ᠬᠦᠷᠴᠦ ᠠᠶᠠᠷᠯᠠᠨ ᠮᠣᠷᠳᠠᠭᠤᠯᠵᠠᠢ     ᠿᠧᠳᠢ ᠨᠥᠬᠦᠷ ᠤᠨ ᠡᠪᠡᠳᠴᠢᠨ ᠬᠦᠨᠳᠦ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠳᠠᠷᠠᠭ᠎ᠠ ᠰᠢ ᠶᠢᠨ ᠫᠢᠩ ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠪᠣᠯᠭᠤᠭᠠᠨ ᠦᠵᠡᠭᠰᠡᠨ ᠪᠤᠶᠤ ᠤᠯᠠᠨ ᠭᠡᠯᠪᠡᠷᠢ ᠪᠠᠷ ᠿᠧᠳᠢ ᠨᠥᠬᠦᠷ ᠤᠨ ᠨᠠᠰᠤ ᠪᠠᠷᠠᠭᠰᠠᠨ ᠳᠤ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠦᠷᠦᠯ ᠰᠠᠳᠤᠨ ᠢ ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢᠳᠡᠭ ᠭᠡᠰᠢᠭᠦᠨ᠂ ᠡᠪ ᠬᠠᠮᠲᠤ ᠶᠣᠰᠣᠨ ᠤ ᠰᠢᠳᠤᠷᠭᠤ ᠪᠠᠶᠢᠯᠳᠤᠭᠴᠢ᠂ ᠮᠠᠨ ᠤ ᠤᠯᠤᠰ ᠤᠨ ᠦᠨᠳᠦᠰᠦᠲᠡᠨ ᠤ ᠠᠵᠢᠯ ᠪᠠ ᠨᠡᠶᠢᠭᠡᠮ ᠵᠢᠷᠤᠮ ᠤᠨ ᠬᠠᠤᠯᠢ ᠳᠦᠷᠢᠮ ᠤᠨ ᠪᠠᠶᠢᠭᠤᠯᠤᠯᠲᠠ ᠶᠢᠨ ᠭᠠᠷᠮᠠᠭᠠᠢ ᠤᠳᠤᠷᠢᠳᠬᠤ ᠬᠥᠮᠥᠨ᠂ ᠲᠥᠪᠡᠳ ᠦᠨᠳᠦᠰᠦᠲᠡᠨ ᠤ  ᠠᠷᠠᠳ ᠲᠦᠮᠡᠨ ᠤ ᠰᠢᠯᠢᠳᠡᠭ ᠬᠥᠪᠡᠭᠦᠨ᠂ ᠠᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠿᠧᠳᠢ ᠨᠥᠬᠦᠷ ᠤᠨ ᠴᠢᠨᠳᠠᠷ ᠢ 12 ᠤᠨ ᠡᠳᠦᠷ ᠪᠡᠭᠡᠵᠢᠩ ᠤᠨ ᠪᠠᠪᠤᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠳᠤ ᠳᠡᠭᠳᠡᠭᠡᠪᠡ᠃    ᠿᠧᠳᠢ ᠨᠥᠬᠦᠷ 2025 ᠣᠨ ᠤ 6 ᠰᠠᠷ᠎ᠠ ᠶᠢᠨ 6 ᠤ ᠡᠳᠦᠷ ᠤᠨ 2 ᠴᠠᠭ 15 ᠮᠢᠨᠦ᠋ᠲ ᠲᠤ ᠪᠡᠭᠡᠵᠢᠩ ᠳᠤ ᠡᠪᠡᠳᠴᠢᠨ ᠢᠶᠠᠷ ᠨᠠᠰᠤ ᠪᠠᠷᠠᠪᠠ᠂ ᠨᠠᠰᠤᠨ ᠰᠡᠭᠦᠳᠡᠷ 87᠃    ᠿᠧᠳᠢ ᠨᠥᠬᠦᠷ ᠤᠨ ᠡᠪᠡᠳᠴᠢᠨ ᠬᠦᠨᠳᠦ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠳᠠᠷᠠᠭ᠎ᠠ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ᠂ ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠪᠣᠯᠭᠤᠭᠠᠨ ᠦᠵᠡᠭᠰᠡᠨ ᠪᠤᠶᠤ ᠤᠯᠠᠨ ᠭᠡᠯᠪᠡᠷᠢ ᠪᠠᠷ ᠿᠧᠳᠢ ᠨᠥᠬᠦᠷ ᠤᠨ ᠨᠠᠰᠤ ᠪᠠᠷᠠᠭᠰᠠᠨ ᠳᠤ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠦᠷᠦᠯ ᠰᠠᠳᠤᠨ ᠢ  ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃     12 ᠤᠨ ᠦᠳᠡ ᠶᠢᠨ ᠡᠮᠦᠨ᠎ᠡ᠂ ᠪᠠᠪᠤᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠤ ᠶᠣᠰᠣᠯᠠᠯ ᠤᠨ ᠲᠠᠩᠬᠢᠮ ᠲᠥᠪ ᠴᠢᠬᠢᠮᠡᠢ ᠪᠠᠶᠢᠵᠤ᠂ ᠭᠠᠰᠢᠭᠤᠳᠠᠯ ᠤᠨ ᠠᠶᠠᠰ ᠤᠶᠠᠷᠠᠭᠤᠨ ᠨᠠᠮᠬᠠᠨ ᠰᠣᠨᠣᠰᠳᠠᠨ᠎ᠠ᠃ ᠭᠤᠣᠯ ᠲᠢᠩᠬᠢᠮ ᠤᠨ ᠳᠡᠭᠡᠷ᠎ᠡ ᠲᠠᠯ᠎ᠠ ᠳᠤ︽ᠿᠧᠳᠢ ᠨᠥᠬᠦᠷ ᠢ ᠡᠮᠭᠡᠨᠢᠨ ᠭᠠᠰᠢᠭᠤᠳᠠᠶ᠎ᠠ︾ ᠭᠡᠬᠦ ᠬᠠᠷ᠎ᠠ ᠳᠡᠪᠢᠰᠬᠡᠷ ᠲᠠᠢ ᠴᠠᠭᠠᠨ ᠦᠰᠦᠭ ᠤᠨ ᠬᠥᠨᠳᠡᠯᠡᠨ ᠪᠢᠴᠢᠭᠡᠰᠦ ᠶᠢ ᠡᠯᠭᠦᠵᠦ᠂ ᠬᠥᠨᠳᠡᠯᠡᠨ ᠪᠢᠴᠢᠭᠡᠰᠦ ᠶᠢᠨ ᠳᠣᠣᠷ᠎ᠠ ᠲᠠᠯ᠎ᠠ ᠳᠤ ᠿᠧᠳᠢ ᠨᠥᠬᠦᠷ ᠤᠨ ᠭᠦᠷᠦᠭ ᠢ ᠡᠯᠭᠦᠵᠡᠢ᠃ ᠿᠧᠳᠢ ᠨᠥᠬᠦᠷ ᠤᠨ ᠴᠢᠨᠳᠠᠷ ᠢ ᠰᠣᠷᠭᠤᠭ ᠴᠡᠴᠡᠭ ᠨᠠᠷᠠᠰᠤ ᠮᠠᠶᠢᠯᠠᠰᠤ ᠪᠠᠷ ᠬᠦᠷᠢᠶᠡᠯᠡᠵᠦ᠂ ᠪᠡᠶ᠎ᠡ ᠳᠡᠭᠡᠷ᠎ᠡ ᠨᠢ ᠭᠠᠯ ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠢ ᠬᠤᠴᠢᠵᠠᠢ᠃    ᠦᠳᠡ ᠶᠢᠨ ᠡᠮᠦᠨᠡᠬᠢ 9 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠭᠠᠰᠢᠭᠤᠳᠠᠯ ᠤᠨ ᠠᠶᠠᠰ ᠤᠨ ᠳᠤᠮᠳᠠ ᠿᠧᠳᠢ ᠨᠥᠬᠦᠷ ᠤᠨ ᠴᠢᠨᠳᠠᠷ ᠤᠨ ᠡᠮᠦᠨ᠎ᠡ ᠠᠯᠭᠤᠷᠬᠠᠨ ᠬᠦᠷᠴᠦ ᠲᠥᠪ ᠵᠣᠭᠰᠣᠨ ᠨᠠᠮᠠᠨᠴᠢᠯᠠᠨ ᠭᠠᠰᠢᠭᠤᠳᠠᠵᠤ᠂ ᠿᠧᠳᠢ ᠨᠥᠬᠦᠷ ᠤᠨ ᠴᠢᠨᠳᠠᠷ ᠲᠤ ᠭᠤᠷᠪᠠᠨᠲᠠ ᠶᠣᠰᠣᠯᠠᠵᠤ᠂ ᠿᠧᠳᠢ ᠨᠥᠬᠦᠷ ᠤᠨ ᠲᠦᠷᠦᠯ ᠰᠠᠳᠤᠨ ᠲᠠᠢ ᠨᠢᠭᠡᠳ ᠨᠢᠭᠡ ᠪᠠᠷ ᠭᠠᠷ ᠠᠳᠬᠤᠵᠤ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃    ᠨᠠᠮ ᠪᠣᠯᠣᠨ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠦᠷᠴᠦ ᠠᠶᠠᠷᠯᠠᠨ ᠮᠣᠷᠳᠠᠭᠤᠯᠤᠭᠰᠠᠨ ᠪᠤᠶᠤ ᠡᠯ᠎ᠡ ᠵᠦᠢᠯ ᠤᠨ ᠭᠡᠯᠪᠡᠷᠢ ᠪᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠪᠡ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠿᠧᠳᠢ ᠨᠥᠬᠦᠷ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠰᠠᠶᠢᠨ ᠨᠠᠶᠢᠵᠠ ᠪᠣᠯᠣᠨ ᠨᠤᠲᠤᠭ ᠤᠨ ᠬᠢᠨᠢ ᠲᠥᠯᠥᠭᠡᠯᠡᠭᠴᠢᠳ ᠴᠤ ᠬᠦᠷᠦᠯᠴᠡᠨ ᠢᠷᠡᠵᠦ ᠠᠶᠠᠷᠯᠠᠨ ᠮᠣᠷᠳᠠᠭᠤᠯᠵᠠᠢ᠃     ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 12 ᠤᠨ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ