| ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠶᠢᠨ ᠬᠤᠶᠢᠨ᠎ᠠ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠸᠺᠠᠶᠧᠹ ᠳᠤᠮᠳᠠᠳᠤ | ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ | | | | | | | | | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ16 ᠤ ᠦᠳᠡ ᠶᠢᠨ ᠬᠤᠶᠢᠨ᠎ᠠ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠸᠺᠠᠶᠧᠹ ᠳᠤᠮᠳᠠᠳᠤ | ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠲᠤᠭᠤᠯᠵᠤ᠂ | ᠢᠮᠠᠭᠲᠠ ᠥᠨᠳᠥᠷ ᠲᠦᠪᠰᠢᠨ ᠪᠦᠬᠦᠢ ᠠᠵᠢᠯᠯᠠᠭᠠᠨ ᠢᠶᠠᠨ ᠪᠠᠲᠤᠯᠠᠭᠰᠠᠭᠠᠷ ᠢᠷᠡᠵᠠᠢ᠂ ᠡᠨᠡ ᠨᠢ ᠠᠭᠤᠯᠠ ᠤᠰᠤ ᠪᠠᠷ ᠢᠶᠠᠨ ᠵᠠᠯᠭᠠᠯᠳᠤᠭᠰᠠᠨ ᠭᠠᠵᠠᠷ | ᠣᠷᠣᠨ ᠤ ᠳᠠᠪᠠᠭᠤᠯᠢᠭ ᠪᠣᠯᠣᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠭᠰᠠᠨ ᠲᠡᠦᠬᠡ ᠶᠢᠨ ᠤᠯᠠᠮᠵᠢᠯᠠᠯ ᠠᠴᠠ ᠪᠣᠯᠤᠭᠰᠠᠨ ᠶᠤᠮ᠂ ᠪᠠᠰᠠ ᠴᠤ ᠬᠤᠶᠠᠷ | ᠤᠯᠤᠰ ᠤᠨ ᠬᠠᠮᠲᠤ ᠪᠠᠷ ᠬᠥᠭᠵᠢᠯᠲᠡ ᠶᠢ ᠡᠷᠢᠯᠬᠢᠯᠡᠬᠦ ᠵᠠᠶᠢᠯᠠᠰᠢ ᠦᠭᠡᠢ ᠰᠣᠩᠭᠤᠯᠲᠠ ᠪᠣᠯᠣᠨ᠎ᠠ᠃ ᠣᠶᠢᠷ᠎ᠠ ᠶᠢᠨ ᠵᠢᠯ ᠠᠴᠠ᠂ ᠪᠢᠳᠡᠨ ᠤ ᠬᠠᠮᠲᠤ ᠶᠢᠨ | ᠵᠢᠷᠤᠭ ᠲᠥᠯᠥᠪᠯᠡᠭᠡ ᠳᠣᠣᠷ᠎ᠠ᠂ ᠳᠤᠮᠳᠠᠳᠤ ᠺᠠᠽᠠᠬᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠶᠠᠰᠤ ᠴᠢᠨᠠᠷ ᠨᠡᠩ ᠭᠦᠢᠴᠡᠳ᠂ | ᠠᠭᠤᠯᠤᠭᠳᠠᠬᠤᠨ ᠨᠡᠩ ᠪᠠᠶᠠᠯᠢᠭ ᠪᠣᠯᠵᠤ᠂ ᠦᠨᠡᠨ ᠪᠣᠳᠠᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠦᠷ᠎ᠡ ᠪᠦᠲᠦᠭᠡᠯ ᠦᠷᠭᠦᠯᠵᠢᠯᠡᠨ ᠢᠯᠡᠷᠡᠵᠦ᠂ | ᠬᠤᠶᠠᠷ ᠤᠯᠤᠰ ᠤᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠢ ᠬᠦᠴᠦᠲᠡᠢ ᠳᠡᠭᠡᠭᠰᠢᠯᠡᠭᠦᠯᠪᠡ᠃ ᠳᠤᠮᠳᠠᠳᠤ ᠤᠯᠤᠰ ᠢᠮᠠᠭᠲᠠ ᠪᠠᠶᠢᠯᠳᠤᠬᠤ | ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠳᠤ ᠬᠠᠨᠳᠤᠵᠤ᠂ ᠳᠤᠷᠠᠲᠠᠶ᠎ᠠ | ᠺᠠᠽᠠᠬᠰᠲ᠋ᠠᠨ ᠤ ᠬᠢᠨ ᠲᠠᠢ ᠬᠠᠮᠲᠤ ᠪᠠᠷ ᠳᠤᠮᠳᠠᠳᠤ ᠺᠠᠽᠠᠬᠰᠲ᠋ᠠᠨ ᠤ ᠨᠥᠬᠦᠷᠯᠡᠯ ᠢ ᠡᠷᠡᠰ ᠭᠤᠶᠢᠪᠢᠰᠢ ᠦᠭᠡᠢ ᠪᠠᠬᠢᠵᠢᠭᠦᠯᠵᠦ᠂ ᠳᠤᠮᠳᠠᠳᠤ ᠺᠠᠽᠠᠬᠰᠲ᠋ᠠᠨ ᠤ | ᠬᠠᠷᠢᠯᠴᠠᠭᠠᠨ ᠤ ᠲᠣᠭᠲᠠᠭᠤᠨ ᠴᠢᠨᠠᠷ ᠪᠣᠯᠣᠨ ᠢᠳᠡᠪᠬᠢ ᠬᠦᠴᠦᠨ ᠢᠶᠠᠷ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠪᠣᠯᠣᠨ | ᠬᠥᠭᠵᠢᠯᠲᠡ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | | | | | | | | | | | | | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 16 ᠤ ᠦᠳᠡ ᠶᠢᠨ ᠬᠤᠶᠢᠨ᠎ᠠ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠸᠺᠠᠶᠧᠹ ᠳᠤᠮᠳᠠᠳᠤ | ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ ᠬᠡᠯᠡᠯᠴᠡᠭᠡ ᠬᠢᠪᠡ᠃ ᠬᠡᠯᠡᠯᠴᠡᠭᠡ | ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠪᠠᠷ ᠢᠶᠠᠨ 10 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ | ᠪᠢᠴᠢᠭ ᠮᠠᠲ᠋ᠧᠷᠢᠶᠠᠯ ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃ ᠵᠢᠷᠤᠭ ᠪᠣᠯ ᠰᠢ ᠶᠢᠨ ᠫᠢᠩ ᠲᠦᠸᠸᠺᠠᠶᠧᠹ ᠲᠠᠢ ᠭᠠᠷ ᠠᠳᠬᠤᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠺᠠᠽᠠᠬᠰᠲ᠋ᠠᠨ ᠴᠥᠮ ᠲᠤᠰ ᠲᠤᠰ ᠤᠨ ᠢᠶᠠᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠤᠢ᠂ | ᠬᠤᠶᠠᠷ ᠤᠯᠤᠰ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠤᠶ᠎ᠠ᠃ ᠨᠢᠭᠡ ᠳᠤ᠂ ᠥᠨᠳᠥᠷ | ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠬᠥᠲᠥᠯᠥᠨ ᠳᠠᠭᠠᠭᠤᠯᠵᠤ᠂ | ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ | ᠡᠷᠡᠰ ᠳᠡᠮᠵᠢᠯᠴᠡᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠵᠣᠯᠭᠠᠭᠤᠯᠬᠤ ᠶᠢ ᠠᠬᠢᠭᠤᠯᠵᠤ᠂ ᠤᠷᠪᠠᠭᠠᠨ ᠬᠥᠷᠪᠡᠭᠡᠨ ᠤ ᠳᠤᠮᠳᠠ ᠲᠤᠰ | ᠲᠤᠰ ᠤᠨ ᠢᠶᠠᠨ ᠪᠠᠲᠤ ᠴᠢᠩᠭ᠎ᠠ ᠥᠮᠥᠭ ᠲᠦᠰᠢᠭ ᠪᠣᠯᠵᠤ᠂ ᠬᠥᠭᠵᠢᠨ ᠮᠠᠨᠳᠤᠬᠤ ᠳᠤᠮᠳᠠ ᠪᠠᠨ ᠬᠠᠷᠢᠯᠴᠠᠨ ᠠᠰᠢᠭᠲᠠᠢ ᠲᠤᠰᠠᠯᠠᠬᠤ ᠬᠦᠴᠦᠨ ᠪᠣᠯᠣᠯᠴᠠᠶ᠎ᠠ | ᠃ ᠬᠤᠶᠠᠷ ᠲᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠵᠤ ᠬᠤᠶᠠᠷ ᠤᠯᠤᠰ ᠤᠨ ᠬᠠᠮᠲᠤᠷᠠᠯᠴᠠᠭᠠᠨ ᠤ | ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ ᠵᠡᠷᠭᠡ ᠤᠯᠠᠮᠵᠢᠯᠠᠯᠲᠤ | ᠬᠠᠮᠲᠤᠷᠠᠯᠴᠠᠭᠠᠨ ᠤ ᠳᠠᠪᠠᠭᠤᠯᠢᠭ ᠢᠶᠠᠨ ᠪᠠᠬᠢᠵᠢᠭᠦᠯᠵᠦ᠂ ᠬᠢᠯᠢ ᠠᠯᠤᠰᠯᠠᠭᠰᠠᠨ ᠲᠡᠮᠦᠷ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ | ᠬᠢᠯᠢ ᠶᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢᠶᠠᠨ | ᠳᠡᠭᠡᠭᠰᠢᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠪᠣᠬᠢᠷᠳᠤᠯ ᠦᠭᠡᠢ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ᠃ | ᠭᠤᠷᠪᠠ ᠳᠤ᠂ ᠪᠦᠭᠦ ᠲᠠᠯ᠎ᠠ ᠶᠢᠨ ᠠᠮᠤᠷ ᠲᠦᠪᠰᠢᠨ ᠤ ᠬᠠᠮᠲᠤᠷᠠᠯᠴᠠᠭ᠎ᠠ ᠪᠠᠷ ᠬᠤᠶᠠᠷ ᠤᠯᠤᠰ ᠤᠨ ᠡᠩᠬᠡ ᠲᠠᠶᠢᠪᠤᠩ ᠠᠮᠤᠷ ᠲᠣᠭᠲᠠᠭᠤᠨ ᠢ ᠬᠠᠮᠠᠭᠠᠯᠠᠵᠤ᠂ | ᠬᠠᠤᠯᠢ ᠬᠡᠷᠡᠭᠵᠢᠭᠦᠯᠬᠦ ᠠᠮᠤᠷ ᠲᠦᠪᠰᠢᠨ ᠪᠣᠯᠣᠨ ᠰᠡᠷᠭᠡᠶᠢᠯᠡᠯᠲᠡ ᠶᠢᠨ ᠠᠵᠢᠯ ᠤᠨ ᠰᠣᠯᠢᠯᠴᠠᠭ᠎ᠠ ᠪᠠᠨ ᠥᠷᠭᠡᠳᠬᠡᠵᠦ᠂ ︽ᠭᠤᠷᠪᠠᠨ ᠵᠦᠢᠯ ᠤᠨ ᠬᠦᠴᠦᠨ︾ | ᠳᠤ ᠬᠠᠮᠲᠤ ᠪᠠᠷ ᠴᠣᠬᠢᠯᠲᠠ ᠥᠭᠴᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠣᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠳᠥᠷᠪᠡ ᠳᠤ᠂ ᠤᠯᠠᠨ ᠡᠰᠢᠴᠢᠯᠡᠭᠰᠡᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠷ ᠳᠤᠮᠳᠠᠳᠤ ᠺᠠᠽᠠᠬᠰᠲ᠋ᠠᠨ ᠤ | ᠨᠥᠬᠦᠷᠯᠡᠯ ᠤᠨ ᠰᠠᠭᠤᠷᠢ ᠶᠢ ᠪᠠᠬᠢᠵᠢᠭᠦᠯᠵᠦ᠂ ᠺᠠᠽᠠᠬᠰᠲ᠋ᠠᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠣᠨ︾ ᠢ ᠰᠠᠶᠢᠲᠤᠷ ᠡᠷᠭᠢᠯᠡᠵᠤ᠂ ᠵᠠᠯᠠᠭᠤᠴᠤᠳ᠂ | ᠵᠠᠭᠤᠴᠢᠯᠠᠭᠤᠷ᠂ ᠤᠶᠤᠨ ᠤ ᠬᠥᠮᠥᠷᠭᠡ᠂ ᠣᠷᠣᠨ ᠨᠤᠲᠤᠭ ᠤᠨ ᠬᠢᠨ ᠤ ᠰᠣᠯᠢᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠺᠠᠽᠠᠬᠰᠲ᠋ᠠᠨ ᠬᠤᠶᠠᠷ ᠲᠠᠯ᠎ᠠ ᠪᠠᠷ ᠢᠶᠠᠨ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠲᠤᠭ ᠲᠡᠮᠳᠡᠭ | ᠲᠣᠳᠣᠷᠬᠠᠢ ᠪᠠᠷ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠺᠠᠽᠠᠬᠰᠲ᠋ᠠᠨ ᠬᠤᠶᠠᠳᠤᠭᠠᠷ | ᠬᠤᠭᠤᠴᠠᠭᠠᠨ ᠤ ᠳᠤᠮᠳᠠᠳᠤ ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠶᠡᠭᠡ ᠬᠡᠮᠵᠢᠶᠡᠨ ᠤ ᠪᠡᠯᠡᠳᠬᠡᠯ ᠠᠵᠢᠯ ᠬᠢᠭᠰᠡᠨ ᠢ | ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠂ ᠡᠨᠡ ᠤᠳᠠᠭ᠎ᠠ ᠶᠢᠨ ᠬᠤᠷᠠᠯ ᠨᠢ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ | ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠢᠲᠡᠭᠡᠵᠦ ᠪᠠᠶᠢᠨ᠎ᠠ᠃ ᠡᠭᠦᠨ ᠤ ᠬᠠᠮᠲᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠪᠦᠷᠢᠯᠳᠦᠭᠦᠨ ᠤᠯᠤᠰ ᠲᠠᠢ | ᠬᠠᠮᠲᠤ ᠪᠠᠷ᠂ ᠡᠨᠡ ᠵᠢᠯ ᠤᠨ ᠲᠢᠶᠠᠨᠵᠢᠨ ᠤ ᠲᠦᠷᠦᠭᠦᠴᠦᠳ ᠤᠨ ᠬᠤᠷᠠᠯ ᠢᠶᠠᠷ ᠠᠵᠠ ᠲᠣᠭᠢᠶᠠᠯ ᠪᠤᠯᠭᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ᠂ ᠰᠢᠨ᠎ᠡ ᠬᠥᠭᠵᠢᠯᠲᠡ᠂ ᠰᠢᠨ᠎ᠡ ᠰᠢᠪᠲᠤᠯᠤᠯᠲᠠ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ | ᠭᠡᠵᠦ ᠵᠢᠭᠠᠵᠤ ᠭᠠᠷᠭᠠᠪᠠ᠃ | ᠲᠦᠸᠸᠺᠠᠶᠧᠹ᠂ ᠳᠤᠮᠳᠠᠳᠤ ᠤᠯᠤᠰ ᠪᠣᠯ ᠺᠠᠽᠠᠬᠰᠲ᠋ᠠᠨ ᠤ ᠨᠥᠭᠦᠷᠰᠡᠭ ᠬᠥᠷᠰᠢ᠂ ᠳᠣᠲᠣᠨᠣ ᠨᠠᠶᠢᠵᠠ ᠪᠠ ᠨᠠᠶᠢᠳᠠᠪᠤᠷᠢᠲᠠᠢ ᠬᠠᠨᠢᠲᠠᠨ ᠮᠥᠨ᠃ | ᠺᠠᠽᠠᠬᠰᠲ᠋ᠠᠨ ᠳᠤᠮᠳᠠᠳᠤ ᠶᠢᠨ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠠᠭ ᠰᠢᠨ᠎ᠡ ᠰᠢᠵᠢᠷ ᠠᠯᠳᠠᠨ ᠴᠠᠭ | ᠦᠶ᠎ᠡ ᠳᠤ ᠣᠷᠣᠵᠤ᠂ ᠬᠤᠶᠠᠷ ᠤᠯᠤᠰ ᠤᠨ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠵᠦ᠂ ᠬᠤᠶᠠᠷ ᠲᠠᠯ᠎ᠠ ᠶᠢᠨ | ᠠᠷᠠᠳ ᠲᠦᠮᠡᠨ ᠳᠤ ᠪᠤᠶᠠᠨ ᠦᠢᠯᠡᠳᠴᠦ᠂ ᠤᠯᠤᠰ ᠪᠣᠯᠣᠨ ᠤᠯᠤᠰ ᠤᠨ ᠬᠤᠭᠤᠷᠣᠨᠳᠣᠭᠢ ᠬᠠᠷᠢᠯᠴᠠᠭ᠎ᠠ ᠶᠢᠨ ᠬᠡᠪ ᠳᠠᠭᠤᠷᠢᠶᠠᠯ ᠪᠣᠯᠵᠠᠢ᠃ ᠺᠠᠽᠠᠬᠰᠲ᠋ᠠᠨ | ᠳᠤᠮᠳᠠᠳᠤ ᠬᠠᠮᠲᠤᠷᠠᠯᠴᠠᠭ᠎ᠠ ᠪᠠᠨ ᠴᠢᠩᠭᠠᠳᠬᠠᠬᠤ ᠴᠢᠩᠭ᠎ᠠ ᠤᠯᠤᠰ ᠲᠦᠷᠦ ᠶᠢᠨ ᠬᠦᠰᠡᠯ ᠲᠠᠢ ᠶᠤᠮ᠂ ᠡᠷᠬᠡ ᠮᠡᠳᠡᠯ᠂ ᠠᠮᠤᠷ ᠲᠦᠪᠰᠢᠨ ᠵᠡᠷᠭᠡ ᠲᠤᠰ | ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠢᠮᠠᠭᠲᠠ ᠬᠠᠷᠢᠯᠴᠠᠨ ᠳᠡᠮᠵᠢᠯᠴᠡᠵᠦ᠂ ᠳᠡᠯᠡᠬᠡᠢ ᠶᠢᠨ ᠪᠠᠶᠢᠳᠠᠯ ᠤᠨ | ᠬᠤᠪᠢᠷᠠᠯᠲᠠ ᠳᠤ ᠨᠥᠯᠥᠭᠡᠯᠡᠭᠳᠡᠬᠦ ᠦᠭᠡᠢ ᠶᠤᠮ᠃ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠠᠭᠤᠤ ᠶᠡᠭᠡ ᠠᠮᠵᠢᠯᠲᠠ ᠣᠯᠪᠠ᠂ ᠡᠭᠦᠨ ᠳᠤ ᠺᠠᠽᠠᠬᠰᠲ᠋ᠠᠨ ᠤ ᠬᠢᠨ ᠴᠢᠩ | ᠰᠡᠳᠬᠢᠯ ᠠᠴᠠ ᠪᠠᠨ ᠪᠠᠶᠠᠷᠯᠠᠵᠤ᠂ ᠳᠤᠮᠳᠠᠳᠤ ᠤᠯᠤᠰ ᠲᠠᠰᠤᠷᠠᠯᠲᠠ ᠦᠭᠡᠢ ᠨᠡᠩ ᠶᠡᠭᠡ ᠬᠥᠭᠵᠢᠯᠲᠡ ᠶᠢᠨ ᠠᠮᠵᠢᠯᠲᠠ ᠣᠯᠬᠤ ᠶᠢ ᠪᠠᠲᠤ ᠢᠲᠡᠭᠡᠵᠦ ᠪᠠᠶᠢᠨ᠎ᠠ᠃ | ᠺᠠᠽᠠᠬᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠣᠯᠣᠨ ᠪᠦᠭᠦ ᠲᠠᠯ᠎ᠠ ᠶᠢᠨ ᠬᠠᠷᠢᠯᠴᠠᠨ | ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠷᠢᠯᠴᠠᠭ᠎ᠠ ᠶᠢ ᠰᠢᠨ᠎ᠡ ᠲᠦᠪᠰᠢᠨ ᠳᠤ ᠬᠦᠷᠭᠡᠨ᠎ᠡ᠃ ᠬᠤᠶᠠᠷ | ᠤᠯᠤᠰ ᠢᠶᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠠᠵᠤ | ᠦᠢᠯᠡᠳᠪᠦᠷᠢ᠂ ᠬᠥᠳᠡᠭᠡ ᠠᠵᠤ ᠠᠬᠤᠢ᠂ ᠡᠨᠧᠷᠭᠢ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠰᠣᠶᠣᠯ᠂ ᠰᠤᠷᠭᠠᠨ | ᠬᠥᠮᠦᠵᠢᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠤᠶ᠎ᠠ᠃ ᠺᠠᠽᠠᠬᠰᠲ᠋ᠠᠨ ᠤ ᠬᠢᠨ | ᠳᠤᠮᠳᠠᠳᠤ ᠤᠯᠤᠰ ᠤᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠭᠦᠷᠭᠡᠯᠡᠯ ᠴᠢᠷᠮᠠᠶᠢᠯᠭ᠎ᠠ ᠶᠢ ᠳᠡᠭᠡᠳᠦ ᠬᠡᠮᠵᠢᠶ᠎ᠡ ᠪᠠᠷ | ᠦᠨᠡᠯᠡᠬᠦ ᠶᠢᠨ ᠵᠡᠷᠭᠡ ᠪᠠᠷ ᠢᠳᠡᠪᠬᠢᠲᠡᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ᠂ ᠳᠤᠮᠳᠠᠳᠤ ᠤᠯᠤᠰ - ᠳᠤᠮᠳᠠ ᠠᠽᠢᠶ᠎ᠠ ᠶᠢᠨ ᠲᠣᠭᠲᠠᠴᠠ᠂ ᠠᠽᠢᠶ᠎ᠠ | ᠲᠢᠪ ᠤᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶ᠎ᠡ ᠶᠢᠨ ᠬᠤᠷᠠᠯ ᠵᠡᠷᠭᠡ ᠤᠯᠠᠨ ᠲᠠᠯᠠᠲᠤ ᠲᠣᠭᠲᠠᠴᠠ ᠳᠤ ᠦᠷᠭᠦᠯᠵᠢᠯᠡᠨ ᠨᠢᠭᠲᠠ | ᠬᠠᠮᠲᠤᠷᠠᠯᠴᠠᠵᠤ᠂ ᠬᠠᠷᠢᠯᠴᠠᠨ ᠲᠡᠮᠵᠢᠵᠥ᠂ ᠤᠯᠠᠨ ᠤᠯᠤᠰ ᠤᠨ ᠡᠮᠬᠢ ᠳᠢᠭᠯᠢᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ | ᠠᠬᠢᠭᠤᠯᠤᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠪᠠᠷ ᠢᠶᠠᠨ ᠠᠷᠠᠯᠵᠢᠶ᠎ᠠ᠂ ᠪᠡᠯᠡ ᠣᠷᠣᠭᠤᠯᠤᠯᠲᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠪᠣᠭᠤᠮᠲᠠ᠂ ᠵᠢᠭᠤᠯᠴᠢᠯᠠᠯ᠂ ᠵᠠᠭᠤᠴᠢᠯᠠᠭᠤᠷ ᠵᠡᠷᠭᠡ ᠬᠦᠷᠢᠶ᠎ᠡ ᠶᠢ ᠬᠠᠮᠤᠷᠤᠭᠰᠠᠨ 10 ᠭᠠᠷᠤᠢ ᠬᠤᠪᠢ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 16 ᠤ ᠴᠠᠭᠢᠯᠭᠠᠨ ᠮᠡᠳᠡᠭᠡ︶ | | |