︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ - ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠠᠷᠭ᠎ᠠ ᠭᠡᠯᠪᠡᠷᠢ ᠮᠥᠨ
ᠨᠡᠶᠢᠲᠡᠯᠡᠭᠰᠡᠨ ᠴᠠᠭ᠄
2025/6/17
     6 ᠰᠠᠷ᠎ᠠ ᠶᠢᠨ 16 ᠤ ᠡᠳᠦᠷ ᠬᠡᠪᠯᠡᠭᠳᠡᠭᠰᠡᠨ 12 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ︽ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠠᠷᠭ᠎ᠠ ᠭᠡᠯᠪᠡᠷᠢ ᠮᠥᠨ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ  ᠶᠢᠨ ᠫᠢᠩ ᠤᠨ 2015 ᠣᠨ ᠤ 10 ᠰᠠᠷ᠎ᠠ ᠠᠴᠠ 2025 ᠣᠨ ᠤ 4 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠣᠨ᠎ᠠ᠃     ᠵᠣᠬᠢᠶᠠᠯ ᠳᠤ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠲᠤᠷᠰᠢᠯᠭ᠎ᠠ ᠮᠥᠨ᠂ ᠪᠠᠰᠠ ᠴᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠴᠢᠬᠤᠯᠠ ᠤᠯᠤᠰ ᠲᠦᠷᠦ ᠶᠢᠨ ᠳᠠᠪᠠᠭᠤᠯᠢᠭ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭᠠᠬᠠᠨ ᠮᠠᠨ ᠤ ᠨᠠᠮ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠳᠤᠷᠠᠳᠪᠠ᠃ ᠠᠩᠬᠠᠳᠤᠭᠠᠷ ᠲᠠᠪᠤᠨ ᠵᠢᠯ ᠤᠨ ᠲᠥᠯᠥᠪᠯᠡᠭᠡ ᠠᠴᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠬᠦᠷᠲᠡᠯᠡᠬᠢ ᠢᠮᠠᠭᠲᠠ ᠲᠤᠭᠤᠰᠢᠯᠠᠭᠤᠯᠬᠤ ᠭᠤᠣᠯ ᠰᠡᠳᠦᠪ ᠪᠣᠯ ᠮᠠᠨ ᠤ ᠤᠯᠤᠰ ᠢᠶᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠪᠣᠯᠭᠠᠨ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠡᠨᠡ ᠬᠦ ᠶᠠᠪᠤᠴᠠ ᠳᠤ᠂ ᠮᠠᠨ ᠤ ᠨᠠᠮ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠲᠤᠬᠠᠢ ᠲᠠᠨᠢᠯᠲᠠ ᠶᠢᠨ ᠲᠠᠯ᠎ᠠ ᠪᠠᠷ ᠲᠠᠰᠤᠷᠠᠯᠳᠠ ᠦᠭᠡᠢ ᠭᠦᠨᠵᠡᠭᠡᠶᠢᠷᠡᠵᠦ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠲᠠᠰᠤᠷᠠᠯᠳᠠ ᠦᠭᠡᠢ ᠪᠣᠯᠪᠠᠰᠤᠷᠠᠩᠭᠤᠢ ᠪᠣᠯᠵᠤ᠂ ᠦᠢᠯᠡᠳᠦᠯᠭᠡ ᠶᠢᠨ ᠲᠠᠯ᠎ᠠ ᠪᠠᠷ ᠲᠠᠰᠤᠷᠠᠯᠳᠠ ᠦᠭᠡᠢ ᠪᠠᠶᠠᠯᠢᠭᠵᠢᠵᠤ᠂ ᠮᠠᠨ ᠤ ᠤᠯᠤᠰ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠠᠬᠢᠴᠠ ᠶᠢ ᠲᠦᠷᠭᠡᠳᠬᠡᠵᠡᠢ ᠭᠡᠵᠦ ᠴᠢᠬᠤᠯᠠᠴᠢᠯᠠᠪᠠ᠃    ᠵᠣᠬᠢᠶᠠᠯ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠣᠯᠣᠨ ᠴᠢᠬᠤᠯᠠ ᠶᠡᠭᠡ ᠵᠠᠷᠴᠢᠮ ᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠂ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠮᠤᠭ ᠤᠨ ᠳᠡᠭᠡᠳᠦ ᠦᠵᠦ ᠲᠥᠯᠥᠪᠯᠡᠭᠡ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ  ᠱᠠᠲᠤ ᠦᠶ᠎ᠡ ᠬᠤᠪᠢᠶᠠᠵᠤ᠂ ᠬᠦᠷᠢᠶ᠎ᠡ ᠴᠠᠷᠠᠭ᠎ᠠ ᠬᠤᠪᠢᠶᠠᠵᠤ ᠠᠬᠢᠭᠤᠯᠤᠭᠰᠠᠨ ᠶᠤᠮ᠂ ᠡᠯ᠎ᠡ ᠱᠠᠲᠤ ᠦᠶ᠎ᠡ ᠶᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ᠂ ᠡᠯ᠎ᠡ ᠬᠦᠷᠢᠶᠡᠨ ᠳᠠᠬᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠠᠳᠠᠯᠢᠬᠠᠨ ᠦᠵᠦ ᠲᠥᠯᠥᠪᠯᠡᠭᠡ ᠬᠢᠬᠦ ᠴᠢᠬᠤᠯᠠᠲᠠᠢ ᠶᠤᠮ᠃ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠢ ᠨᠡᠪᠲᠡ ᠠᠵᠢᠭᠯᠠᠵᠤ᠂ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠢ ᠣᠨᠣᠪᠴᠢᠲᠠᠢ ᠡᠵᠡᠮᠳᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠬᠠᠶᠢᠨ ᠰᠦᠪᠡᠭᠴᠢᠯᠡᠵᠦ᠂ ᠲᠣᠭᠲᠠᠭᠠᠭᠰᠠᠨ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢᠨ ᠰᠢᠰᠲ᠋ᠧᠮ ᠳᠤ ᠴᠠᠭ ᠦᠶᠡᠴᠢ ᠴᠢᠨᠠᠷ ᠢ ᠢᠯᠡᠷᠡᠭᠦᠯᠦᠨ᠂ ᠵᠢᠮ᠎ᠡ ᠶᠣᠰᠣᠴᠢ ᠴᠢᠨᠠᠷ ᠢ ᠡᠵᠡᠮᠳᠡᠵᠦ᠂ ᠪᠦᠲᠦᠭᠡᠯᠴᠢ ᠴᠢᠨᠠᠷ ᠢᠶᠠᠷ ᠪᠠᠶᠠᠯᠢᠭ ᠪᠠᠶᠢᠯᠭᠠᠵᠤ᠂ ᠬᠤᠯᠠ ᠣᠶᠢᠷ᠎ᠠ ᠶᠢ ᠤᠶᠠᠯᠳᠤᠭᠤᠯᠤᠨ᠂ ᠳᠡᠭᠡᠳᠦ ᠳᠣᠣᠷᠠᠳᠤ ᠱᠠᠲᠤ ᠲᠤᠭᠤᠰᠢᠲᠠᠢ ᠭᠦᠢᠴᠡᠳᠬᠡᠵᠦ᠂ ᠠᠭᠤᠯᠭ᠎ᠠ ᠶᠢ ᠵᠣᠬᠢᠴᠠᠯᠳᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠂ ᠠᠷᠠᠳ ᠲᠦᠮᠡᠨ ᠤ ᠢᠲᠡᠭᠡᠯ ᠪᠣᠯᠣᠨ ᠳᠡᠮᠵᠢᠯᠭᠡ ᠪᠣᠯ ᠳᠠᠷᠤᠢ ᠮᠠᠨ ᠤ ᠤᠯᠤᠰ ᠤᠨ ᠡᠷᠡᠯᠬᠡᠭᠯᠡᠨ ᠤᠷᠤᠭᠰᠢᠯᠠᠬᠤ ᠬᠦᠴᠦᠨ ᠮᠥᠨ᠃ ᠰᠠᠶᠢᠨ ᠴᠢᠭᠯᠡᠯᠲᠡ ᠲᠦᠷᠦ ᠶᠢᠨ ᠪᠣᠳᠣᠯᠭ᠎ᠠ ᠪᠠ ᠬᠥᠭᠵᠢᠯᠲᠡ ᠶᠢᠨ ᠲᠥᠯᠦᠪᠵᠢᠭᠦᠯᠭᠡ ᠨᠢ ᠴᠥᠮ ᠠᠷᠠᠳ ᠲᠦᠮᠡᠨ ᠤ ᠬᠦᠰᠡᠯ ᠰᠠᠨᠠᠯ ᠲᠠᠢ ᠵᠣᠬᠢᠴᠠᠵᠤ᠂ ᠠᠷᠠᠳ ᠲᠦᠮᠡᠨ ᠤ ᠬᠦᠰᠡᠯ ᠪᠤᠳᠤᠯ ᠳᠤ ᠨᠡᠶᠢᠴᠡᠵᠦ᠂ ᠤᠯᠠᠨ ᠲᠦᠮᠡᠨ ᠤ ᠳᠤᠮᠳᠠ ᠠᠴᠠ ᠢᠷᠡᠵᠤ᠂ ᠤᠯᠠᠨ ᠲᠦᠮᠡᠨ ᠤ ᠳᠤᠮᠳᠠ ᠣᠴᠢᠬᠤ ᠬᠡᠷᠡᠭᠲᠡᠢ᠃ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠬᠤᠯᠪᠣᠭᠳᠠᠵᠤ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭᠳᠠᠵᠤ ᠪᠠᠶᠢᠳᠠᠭ ᠪᠣᠯᠬᠤᠷ ᠦᠵᠦ ᠲᠥᠯᠥᠪᠯᠡᠭᠡ ᠶᠢ ᠴᠢᠩᠭᠠᠳᠬᠠᠬᠤ ᠪᠠ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ ᠨᠢᠭᠡᠳᠬᠡᠵᠦ᠂ ᠨᠡᠶᠢᠭᠡᠮ ᠤᠨ ᠬᠦᠰᠡᠯ ᠡᠷᠡᠮᠡᠯᠵᠡᠯ᠂ ᠤᠯᠠᠨ ᠲᠦᠮᠡᠨ ᠤ ᠤᠶᠤᠨ ᠤᠬᠠᠭᠠᠨ᠂ ᠲᠤᠰᠬᠠᠢ ᠮᠡᠷᠭᠡᠵᠢᠯᠲᠡᠨ ᠤ ᠰᠠᠨᠠᠯ᠂ ᠦᠨᠳᠦᠰᠦᠨ ᠱᠠᠲᠤᠨ ᠤ ᠲᠤᠷᠰᠢᠯᠭ᠎ᠠ ᠶᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠠᠪᠤᠴᠠ ᠳᠤ ᠭᠦᠢᠴᠡᠳ ᠰᠢᠩᠭᠡᠬᠡᠨ ᠣᠷᠣᠭᠤᠯᠬᠤ ᠴᠢᠬᠤᠯᠠᠲᠠᠢ ᠶᠤᠮ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠬᠠᠭᠠᠯᠠᠨ ᠲᠥᠯᠥᠪᠯᠡᠬᠦ ᠳᠤ᠂ ᠡᠷᠬᠡᠪᠰᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠱᠠᠲᠤᠴᠢ ᠴᠢᠨᠠᠷᠲᠠᠢ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠨᠢᠭᠡ ᠨᠢᠭᠡ ᠬᠦᠷᠢᠶ᠎ᠡ ᠪᠠᠷ ᠬᠠᠷᠠᠯᠲᠠ ᠡᠭᠦᠷᠭᠡ ᠶᠢ ᠵᠣᠬᠢᠰᠲᠠᠢ ᠲᠣᠭᠲᠠᠭᠠᠵᠤ᠂ ᠰᠡᠳᠬᠢᠴᠡ ᠠᠷᠭ᠎ᠠ ᠬᠡᠮᠵᠢᠶ᠎ᠡ ᠳᠤᠷᠠᠳᠬᠤ ᠬᠡᠷᠡᠭᠲᠡᠢ᠃ ᠡᠯ᠎ᠡ ᠲᠠᠯ᠎ᠠ ᠶᠢᠨ ᠬᠠᠷᠠᠯᠲᠠ ᠡᠭᠦᠷᠭᠡ ᠶᠢ ᠭᠦᠨᠵᠡᠭᠡᠢ ᠵᠠᠳᠠᠯᠤᠨ ᠨᠤᠲᠠᠯᠠᠵᠤ᠂ ᠰᠢᠨᠵᠢᠯᠡᠬᠦ ᠤᠬᠠᠭᠠᠨᠴᠢ ᠣᠨᠣᠪᠴᠢᠲᠠᠢ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠥᠯᠥᠪᠯᠡᠵᠦ᠂ ᠵᠠᠩᠭᠢᠯᠠᠭ᠎ᠠ ᠶᠢᠨ ᠴᠢᠨᠠᠷᠲᠠᠢ᠂ ᠰᠢᠢᠳᠪᠦᠷᠢᠯᠡᠭᠴᠢ ᠴᠢᠨᠠᠷᠲᠠᠢ ᠬᠦᠴᠦᠨ ᠵᠦᠢᠯ ᠢ ᠠᠳᠬᠤᠵᠤ᠂ ᠠᠶᠢᠵᠠᠮ ᠪᠣᠯᠣᠨ ᠠᠬᠢᠴᠠ ᠶᠢ ᠰᠠᠶᠢᠲᠤᠷ ᠡᠵᠡᠮᠳᠡᠵᠦ᠂ ᠳᠠᠪᠠᠭᠤᠯᠢᠭ ᠢᠶᠠᠨ ᠪᠠᠬᠢᠵᠢᠭᠦᠯᠦᠨ ᠥᠷᠭᠡᠳᠬᠡᠬᠦ᠂ ᠪᠣᠭᠤᠮᠢ ᠲᠦᠭᠵᠢᠷᠡᠯ ᠢ ᠰᠢᠪᠲᠤᠯᠬᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠨ ᠴᠢᠩᠭᠠᠳᠬᠠᠬᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠴᠢᠬᠤᠯᠠᠴᠢᠯᠠᠵᠤ᠂ ᠪᠦᠬᠦᠯᠢ ᠴᠣᠭᠴᠠ ᠶᠢᠨ ᠬᠠᠷᠠᠯᠲᠠ ᠲᠠᠢ ᠨᠢᠭᠡᠳᠦᠯᠲᠡᠢ ᠪᠠᠶᠢᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠲᠤᠰ ᠭᠠᠵᠠᠷ ᠣᠷᠣᠨ ᠤ ᠪᠠᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨᠡᠨ ᠠᠴᠠ ᠵᠥᠪ ᠢ ᠡᠷᠢᠵᠦ᠂ ᠲᠥᠯᠦᠪᠵᠢᠭᠦᠯᠭᠡ ᠶᠢ ᠬᠡᠷᠡᠭᠵᠢᠭᠦᠯᠬᠦ ᠬᠦᠴᠦᠨ ᠪᠣᠯᠣᠨ ᠨᠠᠶᠢᠳᠠᠪᠤᠷᠢᠵᠢᠭᠤᠯᠬᠤ ᠬᠦᠴᠦᠨ ᠢᠶᠠᠨ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 15 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ