| ᠯᠢ ᠴᠢᠶᠠᠩ ᠠᠩᠭ᠍ᠯᠢ ᠶᠢᠨ ᠲᠡᠷᠢᠭᠦᠨ ᠰᠠᠶᠢᠳ ᠰᠲ᠋ᠠᠮᠦ᠋ᠸᠧ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ | 2025 ᠣᠨ ᠤ 6 ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠡᠨᠡᠳᠬᠡᠭ ᠤᠨ ᠠᠭᠠᠷ ᠤᠨ ᠠᠶᠠᠯᠠᠯ ᠤᠨ ᠺᠤᠮᠫᠠᠨᠢ ᠶᠢᠨ | ᠠᠶᠠᠨᠴᠢᠨ ᠤ ᠨᠢᠰᠬᠡᠯ ᠠᠳᠡᠯ ᠭᠠᠷᠴᠤ ᠠᠩᠭ᠍ᠯᠢ ᠶᠢᠨ ᠬᠥᠮᠥᠨ ᠬᠦᠨᠳᠦ ᠨᠣᠴᠢᠲᠠᠢ ᠠᠳᠡᠵᠦ ᠰᠢᠷᠬᠠᠲᠤᠭᠰᠠᠨ ᠲᠤᠬᠠᠢ ᠠᠩᠭ᠍ᠯᠢ ᠶᠢᠨ ᠤᠯᠤᠰ ᠤᠨ ᠸᠠᠩ | ᠴᠠᠷᠯᠧᠰ ᠭᠤᠷᠪᠠᠳᠤᠭᠠᠷ ᠲᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ᠂ ᠡᠨᠡᠳᠬᠡᠭ ᠤᠨ ᠠᠭᠠᠷ ᠤᠨ ᠠᠶᠠᠯᠠᠯ ᠤᠨ ᠺᠤᠮᠫᠠᠨᠢ ᠶᠢᠨ ᠨᠢᠭᠡᠨ ᠠᠶᠠᠨᠴᠢᠨ ᠤ ᠨᠢᠰᠬᠡᠯ ᠠᠳᠡᠯ ᠭᠠᠷᠴᠤ᠂ ᠡᠷᠬᠢᠮ ᠤᠯᠤᠰ ᠤᠨ ᠬᠥᠮᠥᠨ | ᠬᠦᠨᠳᠦ ᠨᠣᠴᠢᠲᠠᠢ ᠠᠳᠡᠵᠦ ᠰᠢᠷᠬᠠᠲᠤᠭᠰᠠᠨ ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠭᠦᠨ᠎ᠡ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠠᠳᠡᠭᠰᠡᠳ ᠤᠨ ᠭᠡᠷ ᠪᠦᠯᠢ | ᠶᠢᠨ ᠬᠢᠨ ᠪᠣᠯᠣᠨ ᠰᠢᠷᠬᠠᠲᠤᠭᠰᠠᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ᠂ ᠰᠢᠷᠬᠠᠲᠤᠭᠰᠠᠳ ᠤᠨ ᠡᠷᠲᠡᠬᠡᠨ ᠡᠷᠡᠭᠦᠯᠵᠢᠬᠦ ᠶᠢ ᠬᠦᠰᠡᠨ ᠵᠥᠩᠨᠡᠵᠦ | ᠪᠠᠶᠢᠨ᠎ᠠ ᠭᠡᠵᠦ ᠢᠯᠡᠳᠬᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠠᠩᠭ᠍ᠯᠢ ᠶᠢᠨ ᠲᠡᠷᠢᠭᠦᠨ ᠰᠠᠶᠢᠳ ᠰᠲ᠋ᠠᠮᠦ᠋ᠸᠧ ᠳᠤ | ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 13 ᠤ ᠴᠠᠭᠢᠯᠭᠠᠨ ᠮᠡᠳᠡᠭᠡ︶ | | |