ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠢ ᠭᠦᠨᠵᠡᠭᠡᠢ ᠵᠣᠯᠭᠠᠭᠤᠯᠪᠠ
ᠨᠡᠶᠢᠲᠡᠯᠡᠭᠰᠡᠨ ᠴᠠᠭ᠄
2025/6/17
    ᠶᠢᠨ ᠯᠢ  ᠶᠢᠨ ᠶᠦᠩ  ᠰᠦᠨ ᠱᠤᠤ ᠴᠧᠩ  ᠸᠠᠩ ᠯᠢ ᠰᠢᠶᠠ ᠣᠷᠣᠯᠴᠠᠵᠠᠢ     ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠭᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 13 ᠠᠴᠠ 14 ᠤ ᠡᠳᠦᠷ ᠪᠤᠯᠲᠠᠯ᠎ᠠ᠂ ᠪᠡᠭᠡᠵᠢᠩ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠤᠯᠠᠮ ᠨᠢᠭᠡ ᠠᠯᠬᠤᠮ ᠠᠬᠢᠭᠤᠯᠪᠠ᠃ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠯᠢ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠶᠢᠨ ᠶᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠴᠤᠭᠭᠠᠷ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠬᠢᠪᠡ᠃

6388558079490637764986075.png

     

     6 ᠰᠠᠷ᠎ᠠ ᠶᠢᠨ 14 ᠤ ᠡᠳᠦᠷ᠂ ᠪᠡᠭᠡᠵᠢᠩ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠪᠡᠭᠡᠵᠢᠩ ᠤᠨ ᠪᠠᠷᠢᠯᠭ᠎ᠠ ᠶᠢᠨ ᠠᠵᠢᠯ

 ᠤᠨ ᠠᠷᠠᠴᠢᠯᠠᠨ ᠬᠠᠮᠠᠭᠠᠯᠠᠬᠤ ᠪᠦᠯᠦᠭᠯᠡᠯ ᠤᠨ ᠤᠯᠠᠭᠠᠨᠬᠠᠳᠠ ᠳᠠᠬᠢ ᠬᠤᠪᠢᠶᠠᠷᠢ ᠺᠤᠮᠫᠠᠨᠢ ᠳᠤ ᠬᠦᠷᠴᠦ᠂ ᠣᠶᠤᠨᠲᠤ ᠬᠢᠨᠠᠨ ᠬᠡᠮᠵᠢᠬᠦ ᠲᠥᠬᠦᠭᠡᠷᠦᠮᠵᠢ ᠪᠠ

ᠣᠶᠤᠨᠲᠤ ᠬᠤᠲᠠ ᠶᠢᠨ ᠬᠠᠮᠢᠶᠠᠷᠤᠯᠲᠠ ᠶᠢᠨ ᠬᠤᠲᠠ ᠶᠢᠨ ᠶᠠᠪᠤᠳᠠᠯ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠠᠵᠢᠯᠯᠠᠭᠠᠨ ᠤ ᠪᠠᠶᠢᠳᠠᠯ ᠢ

ᠪᠠᠶᠢᠴᠠᠭᠠᠨ ᠦᠵᠡᠪᠡ᠃

   ᠰᠤᠷᠪᠤᠯᠵᠢᠯᠠᠬᠴᠢ  ᠮᠠ ᠵᠢᠶᠠᠨ ᠪᠢᠩ ᠰᠡᠭᠦᠳᠡᠷᠯᠡᠪᠡ

    ᠬᠤᠶᠠᠷ ᠡᠳᠦᠷ ᠤᠨ ᠬᠤᠭᠤᠴᠠᠭᠠᠨ ᠳᠤ᠂ ᠪᠡᠭᠡᠵᠢᠩ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠤᠷᠢᠳ ᠬᠤᠵᠢᠳ ᠲᠦᠩᠯᠢᠶᠣᠣ

ᠬᠤᠳᠠ᠂ ᠤᠯᠠᠭᠠᠨᠬᠠᠳᠠ ᠬᠤᠳᠠ ᠳᠤ ᠬᠦᠷᠴᠦ ᠰᠢᠨᠵᠢᠯᠡᠨ ᠪᠠᠶᠢᠴᠠᠭᠠᠪᠠ᠃ ᠲᠥᠯᠥᠭᠡᠯᠡᠭᠴᠢᠳ ᠤᠨ ᠪᠦᠯᠭᠦᠮ ᠨᠠᠢᠮᠠᠨ ᠬᠤᠰᠢᠭᠤᠨ ᠤ ᠡᠯᠧᠺᠲᠷᠣᠨ

ᠬᠤᠳᠠᠯᠳᠤᠭᠠᠨ ᠤ ᠡᠵᠡᠩᠨᠡᠯᠲᠡ ᠶᠢᠨ ᠲᠥᠪ᠂ ᠼᠠᠢ ᠰᠢᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ᠂

ᠠᠤᠬᠠᠨ ᠬᠤᠰᠢᠭᠤᠨ ᠤ ᠨᠦᠩ ᠭᠧᠩ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢᠨ ᠺᠤᠮᠫᠠᠨᠢ ᠳᠤ ᠠᠵᠤ ᠦᠢᠯᠡᠰ ᠢᠶᠠᠷ ᠬᠠᠪᠰᠤᠷᠤᠨ ᠲᠡᠳᠬᠦᠬᠦ

ᠠᠵᠢᠯ ᠤᠨ ᠲᠠᠨᠢᠯᠴᠠᠭᠤᠯᠭ᠎ᠠ ᠶᠢ ᠰᠣᠨᠣᠰᠴᠤ᠂ ᠦᠢᠯᠡᠳᠪᠦᠷᠢᠯᠡᠯ ᠤᠨ ᠱᠤᠭᠤᠮ ᠦᠢᠯᠡᠳᠬᠦᠨ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ

ᠪᠠᠶᠢᠴᠠᠭᠠᠨ ᠦᠵᠡᠪᠡ᠃ ᠨᠠᠢᠮᠠᠨ ᠬᠤᠰᠢᠭᠤᠨ ᠤ ᠰᠢᠨ᠎ᠡ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ᠂ ᠠᠤᠬᠠᠨ ᠬᠤᠰᠢᠭᠤᠨ ᠤ ᠰᠢᠨ ᠬᠤᠶ

ᠪᠠᠯᠭᠠᠰᠤᠨ ᠤ ᠨᠠᠢᠮᠠᠳᠤᠭᠠᠷ ᠪᠠᠭ᠎ᠠ ᠰᠤᠷᠭᠠᠭᠤᠯᠢ ᠳᠤ ᠲᠣᠰ ᠲᠣᠰ ᠡᠮᠴᠢᠯᠡᠭᠡ ᠪᠠ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠠᠵᠢᠯ ᠢ ᠣᠶᠢᠯᠠᠭᠠᠵᠤ᠂

ᠪᠡᠭᠡᠵᠢᠩ ᠬᠤᠲᠠ ᠠᠴᠠ ᠥᠪᠥᠷ ᠮᠣᠩᠭᠤᠯ ᠳᠤ ᠲᠣᠮᠢᠯᠠᠨ ᠠᠵᠢᠯᠯᠠᠭᠤᠯᠵᠤ ᠪᠠᠶᠢᠭ᠎ᠠ ᠡᠮᠴᠢ ᠪᠠ ᠪᠠᠭᠰᠢ ᠶᠢᠨ ᠲᠥᠯᠥᠭᠡᠯᠡᠭᠴᠢ ᠶᠢ ᠪᠣᠯᠭᠤᠭᠠᠨ ᠦᠵᠡᠪᠡ᠃

ᠵᠢᠩ ᠳ᠋ᠦᠩ ᠭᠡᠷ ᠤᠨ ᠶᠠᠪᠤᠳᠠᠯ ᠤᠨ ᠦᠢᠯᠡᠴᠢᠯᠡᠭᠡᠨ ᠤ ᠤᠯᠠᠭᠠᠨᠬᠠᠳᠠ ᠳᠠᠬᠢ ᠪᠣᠯᠪᠠᠰᠤᠷᠠᠯ ᠠᠵᠢᠯ ᠣᠯᠭᠤᠯᠲᠠ ᠶᠢᠨ ᠰᠠᠭᠤᠷᠢᠨ ᠳᠤ ᠭᠦᠳᠡᠯᠮᠦᠷᠢ

ᠬᠦᠴᠦᠨ ᠤ ᠬᠠᠮᠵᠢᠯᠴᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠪᠣᠳᠠᠲᠤ ᠠᠵᠢᠯᠯᠠᠭᠠᠨ ᠤ ᠪᠣᠯᠪᠠᠰᠤᠷᠠᠯ ᠢ ᠦᠵᠡᠪᠡ᠃

ᠲᠥᠯᠥᠭᠡᠯᠡᠭᠴᠢᠳ ᠤᠨ ᠪᠦᠯᠭᠦᠮ ᠪᠠᠰᠠ ᠪᠡᠭᠡᠵᠢᠩ ᠤᠨ ᠪᠠᠷᠢᠯᠭ᠎ᠠ ᠶᠢᠨ ᠠᠵᠢᠯ ᠤᠨ ᠠᠷᠠᠴᠢᠯᠠᠨ ᠬᠠᠮᠠᠭᠠᠯᠠᠬᠤ ᠪᠦᠯᠦᠭᠯᠡᠯ ᠤᠨ ᠤᠯᠠᠭᠠᠨᠬᠠᠳᠠ ᠳᠠᠬᠢ

ᠬᠤᠪᠢᠶᠠᠷᠢ ᠺᠤᠮᠫᠠᠨᠢ ᠳᠤ ᠬᠦᠷᠴᠦ᠂ ᠣᠶᠤᠨᠲᠤ ᠬᠢᠨᠠᠨ ᠬᠡᠮᠵᠢᠬᠦ ᠲᠥᠬᠦᠭᠡᠷᠦᠮᠵᠢ ᠪᠠ ᠣᠶᠤᠨᠲᠤ ᠬᠤᠲᠠ ᠶᠢᠨ ᠬᠠᠮᠢᠶᠠᠷᠤᠯᠲᠠ ᠶᠢᠨ ᠬᠤᠲᠠ ᠶᠢᠨ ᠶᠠᠪᠤᠳᠠᠯ ᠤᠨ

ᠲᠠᠪᠴᠠᠩ ᠤᠨ ᠪᠦᠲᠦᠭᠡᠨ ᠪᠠᠶᠢᠭᠤᠯᠤᠯᠲᠠ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠪᠡ᠃ ᠡᠨᠡ ᠬᠦ ᠬᠤᠭᠤᠴᠠᠭᠠᠨ ᠳᠤ᠂ ᠲᠥᠯᠥᠭᠡᠯᠡᠭᠴᠢᠳ ᠤᠨ

ᠪᠦᠯᠭᠦᠮ ᠬᠠᠷᠠᠴᠢᠨ ᠬᠤᠰᠢᠭᠤᠨ ᠤ ᠡᠮᠡᠭᠡᠯ ᠠᠭᠤᠯᠠ ᠲᠣᠰᠬᠤᠨ ᠳᠤ ᠬᠦᠷᠴᠦ ᠣᠶᠢᠵᠢᠭᠤᠯᠤᠨ ᠨᠣᠭᠤᠭᠠᠷᠠᠭᠤᠯᠬᠤ᠂ ᠠᠮᠢ ᠠᠬᠤᠢ ᠶᠢᠨ ᠮᠠᠯ ᠠᠵᠤ ᠠᠬᠤᠢ

ᠲᠠᠷᠢᠶᠠᠯᠠᠩ ᠤᠨ ᠬᠥᠭᠵᠢᠯᠲᠡ᠂ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ

ᠲᠤᠬᠠᠢ ᠶᠢᠨ ᠭᠠᠵᠠᠷ ᠲᠤᠨᠢ ᠣᠶᠢᠯᠠᠭᠠᠵᠤ᠂ ᠶᠠᠳᠠᠭᠤ ᠠᠴᠠ ᠠᠩᠭᠢᠵᠢᠷᠠᠭᠰᠠᠨ ᠡᠷᠦᠭᠡ ᠮᠠ ᠶᠢᠨ ᠪᠦᠸᠧ ᠶᠢᠨ ᠭᠡᠷ ᠲᠤ ᠬᠦᠷᠴᠦ ᠲᠣᠬᠤᠨᠢᠭᠤᠯᠪᠠ᠃

   14 ᠤ ᠦᠳᠡ ᠶᠢᠨ ᠡᠮᠦᠨ᠎ᠡ᠂ ᠬᠤᠶᠠᠷ ᠲᠠᠯ᠎ᠠ ᠪᠠᠷ ᠢᠶᠠᠨ ᠪᠡᠭᠡᠵᠢᠩ ᠬᠤᠳᠠ·ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ

ᠣᠷᠣᠨ ᠤ ᠬᠠᠮᠵᠢᠯᠴᠠᠭᠠᠨ ᠤ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠵᠣᠯᠭᠠᠯᠴᠠᠭ᠎ᠠ ᠬᠢᠵᠦ ᠰᠠᠨᠠᠯ ᠢᠶᠠᠨ ᠰᠣᠯᠢᠯᠴᠠᠪᠠ᠃

    ᠶᠢᠨ ᠯᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠪᠦᠭᠦ ᠣᠷᠣᠨ ᠤ

ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠡᠭᠡᠵᠢᠩ ᠬᠤᠳᠠ ᠶᠢᠨ ᠬᠥᠭᠵᠢᠯᠲᠡ ᠶᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂

ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ

ᠠᠬᠢᠭᠤᠯᠬᠤ᠂ ᠬᠠᠮᠲᠤ ᠶᠢᠨ ᠪᠠᠶᠠᠵᠢᠯ ᠢ ᠠᠬᠢᠭᠤᠯᠬᠤ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ᠎ᠠ᠃ ᠶᠡᠷᠦᠩᠬᠡᠢ

ᠱᠦᠵᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃ ᠪᠢᠳᠡ ᠭᠦᠨᠵᠡᠭᠡᠢ

ᠰᠤᠷᠤᠯᠴᠠᠨ ᠣᠶᠢᠯᠠᠭᠠᠵᠤ᠂ ᠨᠠᠩ ᠶᠡᠭᠡ ᠡᠷᠴᠢ ᠵᠣᠷᠢᠭ᠂ ᠨᠠᠩ ᠣᠨᠣᠪᠴᠢᠲᠠᠶ ᠠᠷᠭ᠎ᠠ ᠬᠡᠮᠵᠢᠶ᠎ᠡ᠂ ᠨᠠᠩ ᠴᠢᠩᠭ᠎ᠠ ᠰᠤᠷᠲᠠᠯ ᠢᠶᠠᠷ ᠡᠯ᠎ᠡ ᠵᠦᠢᠯ ᠤᠨ ᠡᠭᠦᠷᠭᠡ ᠶᠢᠨ

ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠨᠡ ᠵᠢᠯ ᠪᠣᠯ

︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ᠂ ᠪᠠᠰᠠ ᠴᠤ ᠰᠢᠯᠵᠢᠯᠲᠡ ᠶᠢᠨ ᠬᠤᠭᠤᠴᠠᠭᠠᠨ ᠤ ᠡᠴᠦᠰ ᠤᠨ

ᠨᠢᠭᠡ ᠵᠢᠯ ᠮᠥᠨ᠂ ᠵᠠᠩᠭᠢᠯᠠᠭ᠎ᠠ ᠶᠢᠨ ᠬᠦᠷᠢᠶ᠎ᠡ ᠪᠠ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ

ᠪᠦᠲᠦᠮᠵᠢ ᠶᠢ ᠥᠷᠭᠡᠳᠬᠡᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠳᠤᠲᠠᠭᠤᠳᠠᠯ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠨ᠂ ᠨᠠᠩ

ᠣᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ

ᠲᠥᠯᠦᠪᠵᠢᠭᠦᠯᠭᠡ ᠶᠢᠨ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠤᠷᠢᠳᠤᠬᠢ ᠶᠢ

ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠬᠤᠭᠤᠴᠠᠭ᠎ᠠ ᠮᠥᠨ᠂ ᠪᠠᠰᠠ ᠴᠤ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠳᠡᠭᠲᠡᠷ ᠲᠤ

ᠭᠠᠷᠭᠠᠬᠤ ᠴᠢᠬᠤᠯᠠ ᠠᠵᠠ ᠲᠣᠭᠢᠶᠠᠯ ᠤᠨ ᠬᠤᠭᠤᠴᠠᠭ᠎ᠠ ᠮᠥᠨ᠂ ᠰᠢᠨ᠎ᠡ ᠬᠥᠭᠵᠢᠯᠲᠡ ᠶᠢᠨ ᠱᠠᠲᠤᠨ ᠤ ᠱᠠᠭᠠᠷᠳᠠᠯᠭ᠎ᠠ ᠪᠠ ᠣᠨᠴᠠᠯᠢᠭ ᠢ ᠪᠠᠲᠤ ᠡᠵᠡᠮᠳᠡᠵᠦ᠂

ᠡᠯ᠎ᠡ ᠬᠦᠷᠢᠶᠡᠨ ᠳᠠᠬᠢ ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ

ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠬᠦ ᠳᠡᠭᠡᠷ᠎ᠡ ᠬᠦᠴᠦ ᠣᠷᠣᠭᠤᠯᠵᠤ᠂ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠲᠣᠣᠷ ᠢ ᠬᠠᠮᠲᠤ ᠪᠠᠷ ᠪᠠᠶᠢᠭᠤᠯᠵᠤ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠪᠠᠷ ᠶᠠᠳᠠᠭᠤ ᠠᠴᠠ ᠠᠩᠭᠢᠵᠢᠷᠠᠭᠤᠯᠤᠭᠰᠠᠨ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃

ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ

ᠣᠨᠳᠣᠣᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠬᠤ

ᠬᠡᠷᠡᠭᠲᠡᠢ᠃ ᠠᠵᠤ ᠦᠢᠯᠡᠰ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠳᠡᠭᠡᠷ᠎ᠡ ᠬᠦᠴᠦ ᠲᠠᠯᠪᠢᠵᠤ᠂ ᠬᠠᠮᠲᠤ ᠪᠠᠷ ᠪᠠᠶᠢᠭᠤᠯᠤᠭᠰᠠᠨ ᠬᠦᠷᠢᠶᠡᠯᠡᠩ

ᠲᠣᠭᠤᠷᠢᠭ ᠤᠨ ᠠᠵᠤ ᠦᠢᠯᠡᠰ ᠢ ᠢᠵᠢ ᠪᠦᠷᠢᠳᠦᠭᠦᠯᠬᠦ ᠶᠢ  ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠩ ᠣᠯᠠᠨ ᠪᠡᠭᠡᠵᠢᠩ ᠤᠨ ᠠᠵᠤ

ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠳᠤ ᠢᠷᠡᠵᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠬᠥᠲᠥᠯᠥᠨ ᠵᠢᠯᠤᠭᠤᠳᠴᠤ᠂

︽ᠪᠣᠬᠢᠷᠳᠤᠯ ᠦᠭᠡᠢ ᠢᠳᠡᠭᠡᠨ︾᠂ ︽ᠪᠣᠬᠢᠷᠳᠤᠯ ᠦᠭᠡᠢ ᠴᠠᠭᠢᠯᠭᠠᠨ ᠬᠦᠴᠦᠨ︾᠂ ︽ᠪᠣᠬᠢᠷᠳᠤᠯ ᠦᠭᠡᠢ ᠪᠣᠳᠣᠯᠲᠠ ᠶᠢᠨ ᠬᠦᠴᠦᠨ︾ ᠵᠡᠷᠭᠡ ᠬᠦᠷᠢᠶᠡᠨ ᠳᠠᠬᠢ

ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠳᠡᠭᠡᠷ᠎ᠡ

ᠬᠦᠴᠦ ᠲᠠᠯᠪᠢᠵᠤ᠂ ᠪᠡᠭᠡᠵᠢᠩ ᠤᠨ ᠰᠤᠷᠭᠠᠨ ᠬᠥᠮᠦᠵᠢᠯ ᠡᠮ ᠡᠮᠨᠡᠯᠭᠡ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠲᠤᠬᠠᠢ ᠶᠢᠨ ᠭᠠᠵᠠᠷ ᠤᠨ

ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ

ᠨᠡᠮᠡᠭᠳᠡᠭᠦᠯᠬᠦ ᠬᠡᠷᠡᠭᠲᠡᠢ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠡᠭᠡᠷ᠎ᠡ ᠬᠦᠴᠦ ᠲᠠᠯᠪᠢᠵᠤ᠂ ᠠᠮᠢ ᠠᠬᠤᠢ ᠶᠢ

ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ

ᠪᠠᠷᠢᠮᠲᠠᠯᠠᠵᠤ᠂ ᠬᠤᠶᠠᠷ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠪᠣᠬᠢᠷᠳᠤᠯ ᠦᠭᠡᠢ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠬᠡᠯᠡᠪᠡ᠃

    ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ᠂ ᠪᠡᠭᠡᠵᠢᠩ ᠬᠤᠳᠠ ᠶᠢᠨ

ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠪᠣᠯᠣᠨ ᠬᠠᠪᠰᠤᠷᠤᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ

ᠪᠠᠶᠢᠬᠤ ᠪᠠᠨ ᠢᠯᠡᠳᠬᠡᠵᠦ᠂ ᠪᠡᠭᠡᠵᠢᠩ ᠬᠤᠳᠠ ᠠᠴᠠ ᠲᠣᠮᠢᠯᠠᠵᠤ ᠲᠦᠷ ᠴᠠᠭ ᠲᠤᠰᠢᠶᠠᠯ ᠡᠭᠦᠷᠭᠡᠯᠡᠭᠰᠡᠨ ᠺᠠᠳ᠋ᠷ ᠪᠣᠯᠣᠨ ᠬᠠᠪᠰᠤᠷᠤᠨ ᠲᠡᠳᠬᠦᠬᠦ

ᠪᠦᠯᠭᠦᠮ ᠤᠨ ᠭᠠᠷᠭᠠᠭᠰᠠᠨ ᠴᠢᠷᠮᠠᠶᠢᠯᠭ᠎ᠠ ᠪᠣᠯᠣᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂

ᠨᠠᠮ ᠤᠨ ᠲᠥᠪ ᠬᠤᠷᠢᠶ᠎ᠠ ᠶᠢᠨ ᠬᠠᠯᠠᠮᠵᠢᠯᠠᠯ ᠳᠣᠣᠷ᠎ᠠ᠂ ᠣᠯᠠᠨ ᠵᠢᠯ ᠤᠨ ᠲᠤᠷᠰᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ

ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠪᠡᠭᠡᠵᠢᠩ ᠬᠤᠲᠠ ᠶᠢᠨ ᠳᠡᠮᠵᠢᠯᠭᠡ ᠨᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ

ᠴᠢᠬᠤᠯᠠ ᠠᠬᠢᠭᠤᠯᠬᠤ ᠦᠢᠯᠡᠳᠦᠯ ᠦᠵᠡᠭᠦᠯᠪᠡ᠃ ᠪᠢᠳᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠢᠯ ᠢ ᠳ᠋ᠦᠩᠨᠡᠬᠦ ᠯᠦᠭᠡ ᠤᠶᠠᠯᠳᠤᠭᠤᠯᠤᠨ᠂

ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠪᠣᠯᠣᠨ ᠦᠷ᠎ᠡ ᠪᠦᠲᠦᠮᠵᠢ ᠶᠢ ᠪᠦᠭᠦ ᠲᠠᠯ᠎ᠠ ᠪᠠᠷ ᠰᠢᠰᠲ᠋ᠧᠮ ᠲᠠᠢ ᠳ᠋ᠦᠩᠨᠡᠵᠦ᠂ ᠰᠠᠶᠢᠨ

ᠲᠤᠷᠰᠢᠯᠭ᠎ᠠ ᠰᠠᠶᠢᠨ ᠠᠷᠭ᠎ᠠ ᠬᠢᠳᠡᠯ ᠢ ᠪᠣᠯᠪᠠᠰᠤᠷᠠᠭᠤᠯᠤᠨ ᠭᠠᠷᠭᠠᠬᠤ ᠶᠢᠨ ᠵᠡᠷᠭᠡ ᠪᠠᠷ ᠲᠡᠭᠦᠨ ᠢ ︽ᠠᠷᠪᠠᠨ ᠲᠠᠪᠤᠳᠤᠭᠠᠷ ᠲᠠᠪᠤᠨ ᠵᠢᠯ︾ ᠤᠨ

ᠲᠥᠯᠦᠪᠵᠢᠭᠦᠯᠭᠡ ᠶᠢᠨ ᠬᠤᠭᠤᠴᠠᠭᠠᠨ ᠤ ᠠᠵᠢᠯ ᠳᠤ ᠬᠡᠷᠡᠭᠯᠡᠨ᠎ᠡ᠃ ᠪᠡᠭᠡᠵᠢᠩ ᠬᠤᠳᠠ ᠲᠡᠷᠢᠭᠦᠨ ᠤ ᠮᠡᠷᠭᠡᠵᠢᠯ᠂ ᠡᠯᠪᠡᠭ ᠪᠠᠶᠠᠯᠢᠭ ᠴᠢᠳᠠᠪᠤᠷᠢᠲᠠᠨ ᠪᠠ

ᠥᠷᠭᠡᠨ ᠠᠭᠤᠳᠠᠮ ᠵᠠᠬ᠎ᠠ ᠳᠡᠯᠭᠡᠭᠦᠷ ᠤᠨ ᠣᠷᠣᠨ ᠵᠠᠢ ᠲᠠᠢ᠂ ᠥᠪᠥᠷ ᠮᠣᠩᠭᠤᠯ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠲᠠᠢ ᠶᠤᠮ᠂ ᠤᠳᠤ ᠪᠡᠭᠡᠵᠢᠩ

ᠥᠪᠥᠷ ᠮᠣᠩᠭᠤᠯ ᠤᠨ ᠬᠠᠮᠵᠢᠯᠴᠠᠭ᠎ᠠ ᠨᠢᠭᠡᠨᠲᠡ ᠪᠦᠭᠦ ᠲᠠᠯ᠎ᠠ ᠶᠢᠨ ᠬᠠᠮᠲᠤᠷᠠᠯᠴᠠᠭᠠᠨ ᠤ ᠱᠠᠲᠤᠨ ᠳᠤ ᠣᠷᠣᠪᠠ᠂ ᠶᠡᠷᠦᠩᠬᠡᠢ ᠱᠦᠵᠢ ᠰᠢ ᠶᠢᠨ ᠫᠢᠩ ᠤᠨ

ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ

ᠠᠵᠢᠯ ᠢ ᠲᠥᠯᠥᠪᠵᠢᠭᠦᠯᠬᠦ ᠴᠣᠩᠬᠤᠪᠴᠢ ᠬᠤᠭᠤᠴᠠᠭ᠎ᠠ ᠶᠢ ᠠᠳᠬᠤᠵᠤ᠂ ᠬᠠᠮᠲᠤᠷᠠᠯᠴᠠᠭᠠᠨ ᠤ ᠣᠷᠣᠨ ᠵᠠᠢ ᠶᠢ ᠢᠳᠡᠪᠬᠢᠲᠡᠢ ᠥᠷᠭᠡᠳᠬᠡᠵᠦ᠂ ᠵᠠᠬ᠎ᠠ

ᠳᠡᠯᠭᠡᠭᠦᠷ ᠢ ᠬᠠᠮᠲᠤ ᠪᠠᠷ ᠨᠡᠭᠡᠭᠡᠨ ᠬᠥᠭᠵᠢᠭᠦᠯᠬᠦ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠠᠷ ᠴᠢᠷᠮᠠᠶᠢᠬᠤ

ᠬᠡᠷᠡᠭᠲᠡᠢ᠃ ᠪᠡᠭᠡᠵᠢᠩ ᠬᠤᠲᠠ ᠶᠢᠨ ᠬᠢᠨ ᠥᠪᠥᠷ ᠮᠣᠩᠭᠤᠯ ᠢ ᠬᠦᠴᠦᠲᠡᠢ ᠬᠠᠪᠰᠤᠷᠴᠤ᠂ ᠪᠣᠳᠠᠲᠠᠢ ᠲᠡᠳᠬᠦᠵᠦ ᠪᠤᠢ᠂ ᠥᠪᠥᠷ ᠮᠣᠩᠭᠤᠯ ᠴᠤ ᠨᠡᠶᠢᠰᠯᠡᠯ ᠤᠨ

ᠬᠥᠭᠵᠢᠯᠲᠡ ᠳᠤ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠪᠡᠭᠡᠵᠢᠩ ᠬᠤᠲᠠ ᠳᠤ ᠲᠠᠰᠤᠷᠠᠯᠲᠠ ᠦᠭᠡᠢ ︽ᠪᠣᠬᠢᠷᠳᠤᠯ ᠦᠭᠡᠢ ᠡᠨᠧᠷᠭᠢ︾᠂ ︽

ᠪᠣᠬᠢᠷᠳᠤᠯ ᠦᠭᠡᠢ ᠪᠣᠳᠣᠯᠲᠠ ᠶᠢᠨ ᠬᠦᠴᠦᠨ︾᠂ ︽ᠪᠣᠬᠢᠷᠳᠤᠯ ᠦᠭᠡᠢ ᠪᠦᠲᠦᠭᠡᠭᠳᠡᠬᠦᠨ︾ ᠬᠠᠩᠭᠠᠵᠤ᠂ ᠠᠮᠢ ᠠᠬᠤᠢ ᠶᠢᠨ ᠰᠡᠷᠭᠡᠶᠢᠯᠡᠯᠲᠡ ᠶᠢᠨ

ᠱᠤᠭᠤᠮ ᠢ ᠰᠠᠶᠢᠲᠤᠷ ᠰᠠᠬᠢᠵᠤ᠂ ︽ᠬᠠᠮᠠᠭᠠᠯᠠᠯᠲᠠ ᠶᠢᠨ ᠭᠤᠣᠯ︾ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ᠃ ᠪᠦᠭᠦ ᠣᠷᠣᠨ ᠤ ᠡᠯ᠎ᠡ ᠱᠠᠲᠤ

ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠢ ᠭᠦᠨᠵᠡᠭᠡᠢ ᠰᠤᠳᠤᠯᠵᠤ᠂ ᠬᠡᠷᠡᠭᠴᠡᠭᠡ ᠶᠢ ᠣᠨᠣᠴᠠᠲᠠᠢ ᠳᠤᠷᠠᠳᠴᠤ᠂ ᠪᠡᠭᠡᠵᠢᠩ

ᠬᠤᠳᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠢᠨ ᠯᠦᠭᠡ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠪᠦᠭᠦ

ᠲᠠᠯ᠎ᠠ ᠶᠢᠨ ᠬᠠᠮᠲᠤᠷᠠᠯᠴᠠᠭ᠎ᠠ ᠨᠡᠩ ᠤᠯᠠᠨ ᠨᠡᠩ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃

     ᠶᠠᠷᠢᠯᠴᠠᠬᠤ ᠬᠤᠷᠠᠯ ᠠᠴᠠ ᠡᠮᠦᠨ᠎ᠡ᠂ ᠬᠤᠶᠠᠷ ᠲᠠᠯ᠎ᠠ ᠶᠢᠨ ᠤᠳᠤᠷᠢᠳᠤᠯᠭ᠎ᠠ ᠬᠠᠮᠲᠤ ᠪᠠᠷ ᠪᠡᠭᠡᠵᠢᠩ ᠬᠤᠳᠠ ᠶᠢᠨ ᠮᠠᠨ ᠤ ᠣᠷᠣᠨ ᠳᠤ ᠲᠦᠷ ᠴᠠᠭ

ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠲᠥᠯᠥᠭᠡᠯᠡᠭᠴᠢ ᠶᠢ ᠡᠷᠭᠢᠨ ᠦᠵᠡᠵᠦ ᠲᠣᠬᠤᠨᠢᠭᠤᠯᠪᠠ᠃

    ᠪᠡᠭᠡᠵᠢᠩ ᠬᠤᠲᠠ ᠪᠣᠯᠣᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠣᠣ ᠯᠧᠢ᠂ ᠸᠧᠨ ᠰᠢᠶᠠᠨ᠂ ᠮᠧᠩ ᠰᠢᠶᠠᠨ ᠳ᠋ᠦᠩ᠂ ᠢᠦᠢ ᠯᠢ ᠰᠢᠨ᠂

ᠲᠠᠶᠢᠴᠢᠨ ᠨᠠᠷ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ