6 ᠰᠠᠷ᠎ᠠ ᠶᠢᠨ 3 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠤᠷᠠᠯ ᠬᠤᠷᠠᠯᠳᠤᠭᠤᠯᠵᠤ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤᠶᠤᠯᠲᠤ | ᠰᠠᠬᠢᠯᠭ᠎ᠠ ᠪᠠᠲᠤ ᠣᠪᠣᠷ ᠰᠤᠷᠲᠠᠯ ᠤᠨ ᠨᠠᠮ ᠤᠨ ᠬᠢᠴᠢᠶᠡᠯ ᠢ ᠡᠷᠬᠢᠯᠡᠪᠡ᠃ | ᠸᠠᠩ ᠵᠢᠶᠦ᠋ᠨ ᠵᠢᠶᠧ᠂ ᠶᠢᠨ ᠱᠠᠨ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ | ᠬᠤᠷᠢᠶᠠᠨ ᠤ ᠳᠠᠷᠤᠭ᠎ᠠ᠂ ᠰᠠᠯᠠᠭᠠᠨ ᠲᠠᠰ ᠠᠴᠠ ᠳᠡᠭᠡᠭᠰᠢᠬᠢ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠵᠢᠴᠢ ᠵᠠᠯᠠᠭᠤ ᠺᠠᠳ᠋ᠷ ᠬᠤᠷᠠᠯ ᠳᠤ | ᠣᠷᠣᠯᠴᠠᠪᠠ᠃ | ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ᠂ ᠳᠡᠳ᠋ ᠫᠷᠤᠹᠧᠰᠰᠤᠷ ᠴᠧᠨ ᠬᠠᠢ ᠶᠠᠨ ᠢ ᠤᠷᠢᠵᠤ | ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠵᠤ ᠨᠠᠮ ᠤᠨ ᠰᠤᠷᠲᠠᠯ ᠤᠨ | ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ︾ ᠲᠤᠰᠬᠠᠢ ᠰᠡᠳᠦᠪᠲᠦ ᠲᠠᠶᠢᠯᠤᠮᠵᠢ ᠬᠢᠯᠭᠡᠵᠦ᠂ ᠤᠯᠠᠨ ᠢ ᠰᠤᠷᠲᠠᠯ ᠤᠨ ᠪᠠᠶᠢᠭᠤᠯᠤᠯᠲᠠ ᠶᠢ | ᠴᠥᠬᠦᠷᠡᠰᠢ ᠦᠭᠡᠢ ᠴᠢᠩᠭ᠎ᠠ ᠠᠳᠬᠤᠨ ᠪᠣᠳᠠᠲᠠᠢ ᠠᠳᠬᠤᠵᠤ᠂ ᠰᠡᠳᠬᠢᠴᠡ ᠶᠢᠨ ᠪᠠᠶᠢᠳᠠᠯ ᠲᠡᠩᠴᠡᠭᠦᠷᠢ ᠪᠠᠨ ᠠᠯᠳᠠᠭᠰᠠᠨ᠂ ᠰᠤᠷᠲᠠᠯ ᠵᠢᠴᠢ | ᠢᠯᠵᠠᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠸᠠᠩ ᠰᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠮᠡᠳᠡᠭᠳᠡᠪᠡ᠃ | ᠰᠤᠶᠤᠯᠳᠤ ︽ᠬᠡᠷᠡᠭ ᠢᠶᠠᠷ ᠲᠣᠯᠢ ᠪᠣᠯᠭᠠᠨ ᠬᠡᠪ ᠰᠤᠷᠲᠠᠯ ᠢ ᠴᠡᠭᠴᠡᠯᠡᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ | ᠬᠥᠭᠵᠢᠯᠲᠡ ᠶᠢ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ ᠰᠠᠬᠢᠯᠭ᠎ᠠ ᠪᠠᠲᠤ ᠣᠪᠣᠷ ᠰᠤᠷᠲᠠᠯ ᠤᠨ ᠨᠠᠮ ᠤᠨ ᠬᠢᠴᠢᠶᠡᠯ ᠣᠷᠣᠵᠤ᠂ ᠨᠠᠮ ᠤᠨ | ᠭᠡᠰᠢᠭᠦᠨ ᠺᠠᠳ᠋ᠷᠴᠤᠳ ᠢ ᠳᠠᠭᠠᠭᠤᠯᠤᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ | ᠴᠢᠬᠤᠯᠠ ᠥᠭᠦᠯᠡᠯᠲᠡ ᠶᠢ ᠳᠠᠬᠢᠨ ᠡᠷᠭᠢᠴᠡᠭᠦᠯᠪᠡ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ | ᠫᠢᠩ ᠪᠣᠯᠤᠨ ᠨᠠᠮ ᠤᠨ ᠲᠥᠪ ᠬᠤᠷᠢᠶ᠎ᠠ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠬᠢᠯᠡᠨ ᠰᠡᠳᠦᠪ ᠢ ᠰᠢᠢᠳᠪᠦᠷᠢᠯᠡᠵᠦ᠂ | ᠳᠡᠭᠡᠷ᠎ᠡ ᠠᠴᠠ ᠳᠣᠷᠣᠭᠰᠢ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠰᠢᠨ᠎ᠡ ᠪᠠᠶᠢᠳᠠᠯ ᠳᠣᠣᠷᠠᠬᠢ ᠰᠤᠷᠲᠠᠯ ᠤᠨ | ᠪᠠᠶᠢᠭᠤᠯᠤᠯᠲᠠ ᠶᠢᠨ ᠶᠠᠭᠤ ᠶᠢ ᠠᠳᠬᠤᠬᠤ᠂ ᠬᠡᠷᠬᠢᠨ ᠠᠳᠬᠤᠬᠤ ᠠᠰᠠᠭᠤᠳᠠᠯ ᠢ ᠰᠢᠢᠳᠪᠦᠷᠢᠯᠡᠵᠦ᠂ ᠪᠢᠳᠡᠨ ᠤ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠥᠬᠦᠷᠡᠰᠢ ᠦᠭᠡᠢ ᠰᠠᠶᠢᠲᠤᠷ ᠠᠳᠬᠤᠬᠤ ᠳᠤ ᠦᠨᠳᠦᠰᠦᠨ ᠵᠢᠷᠤᠮᠯᠠᠯ ᠬᠠᠩᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ | ᠭᠡᠰᠢᠭᠦᠨ ᠺᠠᠳ᠋ᠷᠴᠤᠳ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠰᠤᠷᠤᠯᠴᠠᠨ ᠲᠣᠭᠤᠰᠢᠠᠯᠭᠤᠯᠵᠤ᠂ ᠴᠢᠩᠭ᠎ᠠ ᠪᠠᠷᠢᠮᠵᠢᠶ᠎ᠠ ᠪᠠ ᠪᠣᠳᠠᠲᠠᠶ ᠱᠠᠭᠠᠷᠳᠠᠯᠭ᠎ᠠ ᠶᠢ ᠦᠷᠭᠦᠯᠵᠢᠯᠡᠨ ᠪᠠᠷᠢᠮᠲᠠᠯᠠᠵᠤ᠂ | ᠰᠤᠷᠤᠯᠴᠠᠬᠤ ᠳᠠᠭᠠᠨ ᠶᠠᠰᠤ ᠴᠢᠨᠠᠷ ᠲᠠᠢ᠂ ᠪᠠᠶᠢᠴᠠᠭᠠᠬᠤ ᠡᠷᠴᠢᠮ ᠲᠠᠢ᠂ ᠰᠠᠶᠢᠵᠢᠷᠠᠭᠤᠯᠬᠤ ᠦᠷ᠎ᠡ ᠪᠦᠲᠦᠮᠵᠢ ᠲᠠᠢ ᠪᠠᠶᠢᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠥᠬᠦ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ︽ᠬᠥᠭᠡᠭᠡᠵᠦ | ᠭᠦᠢᠴᠡᠬᠦ ᠪᠠ ᠳᠠᠪᠠᠵᠤ ᠭᠠᠷᠬᠤ᠂ ᠪᠣᠬᠢᠷᠲᠤᠯ ᠥᠬᠡᠶ ᠪᠠᠷ ᠬᠥᠭᠵᠢᠨ ᠮᠠᠨᠳᠤᠬᠤ︾ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠰᠤᠷᠲᠠᠯ ᠤᠨ | ᠪᠠᠲᠤᠯᠠᠭ᠎ᠠ ᠬᠠᠩᠭᠠᠬᠤ ᠬᠡᠷᠡᠭᠲᠡᠶ ᠬᠡᠪᠡ᠃ | ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ | | |