6 ᠰᠠᠷ᠎ᠠ ᠶᠢᠨ 4 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠯᠢ ᠽᠠᠢ ᠮᠢᠩ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ | ᠺᠤᠷᠢᠶᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠺᠤᠷᠢᠶᠠ ᠪᠣᠯ ᠴᠢᠬᠤᠯᠠ ᠬᠥᠷᠰᠢ ᠤᠯᠤᠰ ᠪᠥᠭᠡᠳ ᠬᠠᠮᠲᠤᠷᠠᠯᠴᠠᠭᠠᠨ ᠤ ᠬᠠᠨᠢᠲᠠᠨ ᠮᠥᠨ᠃ ᠬᠠᠷᠢᠯᠴᠠᠭ᠎ᠠ | ᠪᠠᠶᠢᠭᠤᠯᠤᠭᠰᠠᠨ 33 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠦᠵᠡᠯ ᠤᠬᠠᠮᠰᠠᠷ ᠤᠨ ᠭᠡᠯᠪᠡᠷᠢ ᠪᠣᠯᠣᠨ ᠨᠡᠶᠢᠭᠡᠮ ᠤᠨ ᠪᠠᠶᠢᠭᠤᠯᠤᠯ ᠤᠨ ᠵᠥᠷᠢᠶ᠎ᠡ ᠶᠢ | ᠳᠠᠪᠠᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠠᠷᠢᠯᠴᠠᠨ ᠠᠮᠵᠢᠯᠲᠠ ᠪᠦᠲᠦᠮᠵᠢ ᠣᠯᠭᠤᠬᠤ ᠶᠢ ᠠᠬᠢᠭᠤᠯᠵᠤ᠂ ᠬᠤᠶᠠᠷ ᠤᠯᠤᠰ ᠤᠨ | ᠬᠠᠷᠢᠯᠴᠠᠭ᠎ᠠ ᠶᠢᠨ ᠲᠣᠭᠲᠠᠭᠤᠨ ᠡᠷᠡᠭᠦᠯ ᠬᠥᠭᠵᠢᠯᠲᠡ ᠶᠢ ᠪᠡᠶᠡᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠦᠭᠰᠡᠨ ᠢᠶᠠᠷ | ᠪᠠᠷᠠᠬᠤ ᠦᠭᠡᠢ᠂ ᠪᠠᠰᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢ ᠳᠤᠮᠳᠠᠳᠤ ᠺᠤᠷᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ | ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠡᠯᠡᠬᠡᠢ ᠶᠢᠨ ᠪᠠ ᠭᠠᠵᠠᠷ ᠣᠷᠣᠨ ᠤ | ᠪᠠᠶᠢᠳᠠᠯ ᠳᠠᠬᠢ ᠲᠣᠬᠲᠠᠭᠠᠯᠲᠦ ᠪᠤᠰᠤ ᠡᠯᠧᠮᠧᠨ᠋ᠲ ᠨᠡᠮᠡᠭᠳᠡᠵᠦ ᠪᠠᠶᠢᠨ᠎ᠠ᠃ ᠪᠦᠭᠦ ᠪᠥᠮᠪᠥᠷᠴᠡᠭ ᠪᠠ ᠭᠠᠵᠠᠷ ᠣᠷᠣᠨ ᠤ ᠴᠢᠬᠤᠯᠠ ᠤᠯᠤᠰ ᠪᠣᠯᠤᠭᠰᠠᠨ ᠤ | ᠬᠤᠪᠢ ᠳᠤ᠂ ᠳᠤᠮᠳᠠᠳᠤ ᠤᠯᠤᠰ ᠳᠤᠷᠠᠲᠠᠶ᠎ᠠ ᠺᠤᠷᠢᠶᠠ ᠶᠢᠨ ᠬᠢᠨ ᠲᠠᠢ ᠬᠠᠮᠲᠤ ᠪᠠᠷ᠂ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠲᠤ ᠰᠠᠬᠢᠵᠤ᠂ | ᠡᠶᠡᠯᠳᠡᠭ ᠬᠥᠷᠰᠢ ᠶᠢᠨ ᠨᠥᠭᠦᠷᠰᠡᠭ ᠴᠢᠭᠯᠡᠯ ᠢ ᠪᠠᠲᠤᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠷᠠᠯᠲᠠ ᠶᠢ ᠪᠠᠷᠢᠮᠲᠠᠯᠠᠵᠤ᠂ | ᠳᠤᠮᠳᠠᠳᠤ ᠺᠤᠷᠢᠶᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠤᠷᠤᠭᠰᠢ ᠬᠥᠭᠵᠢᠬᠦ ᠶᠢ | ᠬᠠᠮᠲᠤ ᠪᠠᠷ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 4 ᠤ ᠴᠠᠭᠢᠯᠭᠠᠨ ᠮᠡᠳᠡᠭᠡ︶ |