| ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠦᠢᠯᠡᠴᠢᠯᠡᠭᠡᠨ ᠤ ᠦᠢᠯᠡᠰ ᠤᠨ ᠪᠠᠶᠢᠴᠠᠭᠠᠯᠲᠠ ᠶᠢᠨ ᠲᠥᠪ᠂ ᠳᠤᠮᠳᠠᠳᠤ ᠤᠯᠤᠰ ᠤᠨ | ᠪᠠᠷᠠᠭᠠᠨ ᠤ ᠭᠦᠢᠯᠭᠡᠭᠡ ᠬᠢᠭᠡᠳ ᠬᠤᠳᠠᠯᠳᠤᠨ ᠠᠪᠬᠤ ᠬᠤᠯᠪᠤᠭ᠎ᠠ ᠶᠢᠨ 31 ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ 5 ᠰᠠᠷ᠎ᠠ ᠳᠤ | ᠦᠢᠯᠡᠳᠬᠦ ᠦᠢᠯᠡᠰ ᠤᠨ ᠬᠤᠳᠠᠯᠳᠤᠨ ᠠᠪᠬᠤ ᠳᠠᠭᠠᠭᠠᠮᠠᠯ ᠤᠨ ᠵᠢᠭᠠᠯᠲᠠ ᠲᠤᠭ᠎ᠠ︵PMI︶ 49.5% ᠪᠣᠯᠵᠤ᠂ ᠲᠦᠷᠦᠭᠦᠦ ᠰᠠᠷ᠎ᠠ ᠶᠢᠨ ᠬᠢ ᠠᠴᠠ | ᠵᠠᠭᠤᠨ ᠤ ᠬᠠᠷᠢᠴᠠᠯ ᠢᠶᠠᠷ 0.5 ᠬᠤᠪᠢ ᠳᠡᠭᠡᠭᠰᠢᠯᠡᠵᠡᠢ᠃ | ᠦᠢᠯᠡᠳᠬᠦ ᠦᠢᠯᠡᠰ ᠤᠨ ᠦᠢᠯᠡᠳᠪᠦᠷᠢᠯᠡᠯ ᠤᠨ ᠠᠵᠢᠯᠯᠠᠭ᠎ᠠ ᠡᠳᠦᠢ ᠲᠡᠳᠦᠢ ᠲᠦᠷᠭᠡᠳᠴᠦ᠂ ᠲᠣᠮᠣ ᠭᠡᠯᠪᠡᠷᠢ ᠶᠢᠨ ᠠᠵᠤ ᠠᠬᠤᠶᠢᠯᠠᠯ ᠤᠨ PMI | ᠵᠠᠭᠠᠭ ᠴᠡᠭ ᠠᠴᠠ ᠳᠡᠭᠡᠭᠰᠢ ᠪᠤᠯᠲᠠᠯ᠎ᠠ ᠳᠡᠭᠡᠭᠰᠢᠯᠡᠪᠡ᠃ ᠪᠦᠷᠢᠳᠬᠡᠭᠰᠡᠨ ᠲᠤᠭ᠎ᠠ ᠪᠠᠷᠢᠮᠲᠠ ᠠᠴᠠ ᠦᠵᠡᠪᠡᠯ᠂ 5 ᠰᠠᠷ᠎ᠠ ᠳᠤ ᠦᠢᠯᠡᠳᠬᠦ ᠦᠢᠯᠡᠰ ᠤᠨ | ᠦᠢᠯᠡᠳᠪᠦᠷᠢᠯᠡᠯ ᠤᠨ ᠵᠢᠭᠠᠯᠲᠠ ᠲᠤᠭ᠎ᠠ 50.7% ᠪᠠᠶᠢᠵᠤ᠂ ᠲᠦᠷᠦᠭᠦᠦ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.9 ᠬᠤᠪᠢ ᠳᠡᠭᠡᠭᠰᠢᠯᠡᠵᠦ᠂ | ᠵᠠᠭᠠᠭ ᠴᠡᠭ ᠠᠴᠠ ᠳᠡᠭᠡᠭᠰᠢ ᠪᠣᠯᠵᠠᠢ᠃ ᠰᠢᠨ᠎ᠡ ᠵᠠᠬᠢᠶᠠᠯᠠᠭ᠎ᠠ ᠶᠢᠨ ᠵᠢᠭᠠᠯᠲᠠ ᠲᠤᠭ᠎ᠠ 49.8% ᠪᠣᠯᠵᠤ᠂ ᠲᠦᠷᠦᠭᠦᠦ ᠰᠠᠷ᠎ᠠ ᠶᠢᠨ ᠬᠢ ᠠᠴᠠ ᠵᠠᠭᠤᠨ ᠤ | ᠬᠠᠷᠢᠴᠠᠯ ᠢᠶᠠᠷ 0.6 ᠬᠤᠪᠢ ᠳᠡᠭᠡᠭᠰᠢᠯᠡᠵᠡᠢ᠃ ᠠᠵᠤ ᠠᠬᠤᠶᠢᠯᠠᠯ ᠤᠨ ᠬᠡᠪᠴᠢᠶ᠎ᠡ ᠠᠴᠠ ᠦᠵᠡᠪᠡᠯ᠂ ᠲᠣᠮᠣ ᠭᠡᠯᠪᠡᠷᠢ ᠶᠢᠨ ᠠᠵᠤ ᠠᠬᠤᠶᠢᠯᠠᠯ ᠤᠨ PMI | ᠨᠢ 50.7% ᠪᠠᠶᠢᠵᠤ᠂ ᠲᠦᠷᠦᠭᠦᠦ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 1.5 ᠬᠤᠪᠢ ᠳᠡᠭᠡᠭᠰᠢᠯᠡᠨ᠂ ᠳᠠᠭᠢᠨ ᠥᠷᠭᠡᠵᠢᠬᠦ ᠣᠷᠣᠨ ᠵᠠᠢ ᠳᠤ | ᠪᠤᠴᠠᠭᠰᠠᠨ ᠪᠠᠶᠢᠨ᠎ᠠ᠃ | ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠦᠷᠭᠦᠯᠵᠢᠯᠡᠨ ᠥᠷᠭᠡᠵᠢᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠵᠢᠭᠠᠯᠲᠠ | ᠲᠤᠭ᠎ᠠ ᠴᠥᠮ ᠳᠡᠭᠡᠭᠰᠢᠯᠡᠭᠰᠡᠨ ᠪᠠᠶᠢᠨ᠎ᠠ᠃ ᠭᠤᠣᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ PMI | ᠨᠢ 50.9% ᠪᠠᠶᠢᠵᠤ᠂ 4 ᠰᠠᠷ᠎ᠠ ᠳᠠᠷᠠᠭᠠᠯᠠᠨ ᠥᠷᠭᠡᠵᠢᠬᠦ ᠣᠷᠣᠨ ᠵᠠᠢ ᠳᠤ ᠪᠠᠶᠢᠵᠤ᠂ ᠨᠡᠯᠢᠶᠡᠳ ᠰᠠᠶᠢᠨ ᠬᠥᠭᠵᠢᠯᠲᠡ ᠶᠢᠨ ᠪᠠᠶᠢᠳᠠᠯ ᠢᠶᠠᠨ | ᠦᠷᠭᠦᠯᠵᠢᠯᠡᠭᠦᠯᠪᠡ; ᠲᠣᠨᠣᠭᠯᠠᠯ ᠦᠢᠯᠡᠳᠬᠦ ᠦᠢᠯᠡᠰ ᠪᠠ ᠬᠡᠷᠡᠭᠯᠡᠭᠡ ᠶᠢᠨ ᠵᠦᠢᠯ ᠤᠨ ᠠᠵᠢᠯ ᠲᠥᠷᠥᠯ ᠤᠨ PMI ᠨᠢ ᠲᠣᠰ ᠲᠣᠰ 51.2% ᠪᠠ | 50.2% ᠪᠠᠶᠢᠵᠤ᠂ ᠲᠦᠷᠦᠭᠦᠦ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 1.6 ᠪᠠ 0.8 ᠬᠤᠪᠢ ᠳᠡᠭᠡᠭᠰᠢᠯᠡᠵᠡᠢ᠃ 5 ᠰᠠᠷ᠎ᠠ ᠳᠤ᠂ ᠰᠢᠨ᠎ᠡ | ᠭᠠᠳᠠᠭᠠᠳᠤ ᠳᠤ ᠭᠠᠷᠭᠠᠬᠤ ᠵᠠᠬᠢᠶᠠᠯᠠᠭ᠎ᠠ ᠶᠢᠨ ᠵᠢᠭᠠᠯᠲᠠ ᠲᠤᠭ᠎ᠠ ᠪᠠ ᠭᠠᠳᠠᠭᠠᠳᠤ ᠠᠴᠠ ᠣᠷᠣᠭᠤᠯᠬᠤ ᠵᠢᠭᠠᠯᠲᠠ ᠲᠤᠭ᠎ᠠ ᠲᠣᠰ ᠲᠣᠰ 47.5% ᠪᠠ 47. | 1% ᠪᠠᠶᠢᠵᠤ᠂ ᠲᠦᠷᠦᠭᠦᠦ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 2.8 ᠪᠠ 3.7 ᠬᠤᠪᠢ ᠳᠡᠭᠡᠭᠰᠢᠯᠡᠪᠡ᠃ ᠪᠠᠶᠢᠴᠠᠭᠠᠯᠲᠠ ᠳᠠᠬᠢ ᠬᠡᠰᠡᠭ | ᠠᠮᠧᠷᠢᠺᠠ ᠳᠤ ᠬᠤᠯᠪᠣᠭᠳᠠᠭᠰᠠᠨ ᠠᠵᠤ ᠠᠬᠤᠶᠢᠯᠠᠯ ᠤᠨ ᠲᠤᠰᠬᠠᠭᠰᠠᠨ ᠢᠶᠠᠷ᠂ ᠭᠠᠳᠠᠭᠠᠳᠤ ᠠᠷᠠᠯᠵᠢᠶᠠᠨ ᠤ ᠵᠠᠬᠢᠶᠠᠯᠠᠭ᠎ᠠ ᠲᠦᠷᠭᠡᠰᠴᠦ᠂ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠠᠶᠢᠳᠠᠯ ᠡᠳᠦᠢ ᠲᠡᠳᠦᠢ ᠰᠠᠶᠢᠵᠢᠷᠠᠪᠠ᠃ | ᠵᠠᠬ᠎ᠠ ᠳᠡᠯᠭᠡᠭᠦᠷ ᠤᠨ ᠵᠢᠱᠢᠯᠲᠡ ᠰᠠᠶᠢᠵᠢᠷᠠᠪᠠ᠃ 5 ᠰᠠᠷ᠎ᠠ ᠳᠤ᠂ ᠦᠢᠯᠡᠳᠬᠦ ᠦᠢᠯᠡᠰ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ | ᠵᠢᠱᠢᠭᠰᠡᠨ ᠵᠢᠭᠠᠯᠲᠠ ᠲᠤᠭ᠎ᠠ 52.5% ᠪᠠᠶᠢᠵᠤ᠂ ᠲᠦᠷᠦᠭᠦᠦ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.4 ᠬᠤᠪᠢ ᠳᠡᠭᠡᠭᠰᠢᠯᠡᠵᠦ᠂ | ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠣᠶᠢᠷ᠎ᠠ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠲᠡᠭᠡᠯ ᠶᠡᠷᠦᠩᠬᠡᠢ ᠳᠡᠭᠡᠨ | ᠲᠣᠭᠲᠠᠭᠤᠨ ᠪᠠᠶᠢᠬᠤ ᠶᠢ ᠪᠠᠲᠤᠯᠠᠪᠠ᠃ ᠡᠭᠦᠨ ᠳᠤ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠡᠳ᠋ᠰᠢᠭᠦᠯᠦᠯᠲᠡ᠂ ᠢᠳᠡᠭᠡᠨ ᠵᠢᠴᠢ ᠠᠷᠢᠬᠢ | ᠤᠮᠳᠠᠭᠠᠨ ᠨᠠᠷᠢᠯᠢᠭ ᠦᠢᠯᠡᠳᠦᠭᠰᠡᠨ ᠴᠠᠢ᠂ ᠮᠠᠰᠢᠨ ᠲᠡᠷᠭᠡ᠂ ᠲᠡᠮᠦᠷ ᠵᠠᠮ ᠣᠩᠭᠤᠴᠠ ᠰᠠᠯ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠲᠥᠬᠦᠭᠡᠷᠦᠮᠵᠢ | ᠵᠡᠷᠭᠡ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠵᠢᠱᠢᠭᠰᠡᠨ ᠵᠢᠭᠠᠯᠲᠠ ᠲᠤᠭ᠎ᠠ ᠴᠥᠮ 56% ᠠᠴᠠ ᠳᠡᠭᠡᠭᠰᠢᠬᠢ | ᠨᠡᠯᠢᠶᠡᠳ ᠥᠨᠳᠥᠷ ᠬᠥᠭᠵᠢᠯ ᠤᠨ ᠣᠷᠣᠨ ᠵᠠᠢ ᠳᠤ ᠦᠷᠭᠦᠯᠵᠢᠯᠡᠨ ᠣᠷᠣᠰᠢᠵᠤ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠢᠨ ᠠᠵᠢᠯ ᠲᠥᠷᠥᠯ ᠤᠨ | ᠬᠥᠭᠵᠢᠯᠲᠡ ᠳᠤ ᠨᠠᠩ ᠢᠲᠡᠭᠡᠯ ᠲᠠᠢ ᠪᠠᠶᠢᠨ᠎ᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ︶ | | |