ᠰᠢᠨ ᠠᠨ ᠪᠠᠯᠭᠠᠰᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ  ᠦᠷᠨᠢᠬᠦᠯᠪᠡ
ᠨᠡᠶᠢᠲᠡᠯᠡᠭᠰᠡᠨ ᠴᠠᠭ᠄
2025/6/6
      ᠤᠶᠢᠷ᠎ᠠ ᠳᠤ᠂ ᠤᠷᠠᠳ ᠤᠨ ᠡᠮᠦᠨᠡᠲᠦ ᠬᠤᠰᠢᠭᠤᠨ ᠤ ᠰᠢᠨ ᠠᠨ ᠪᠠᠯᠭᠠᠰᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠪᠠ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠢᠶᠠᠷ  ᠲᠣᠬᠢᠶᠠᠯ ᠪᠣᠯᠭᠠᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠣᠷᠣᠭᠰᠢᠠᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ ᠭᠤᠤᠯ ᠰᠡᠳᠦᠪ  ᠢᠶᠠᠷ ᠤᠬᠠᠭᠤᠯᠤᠨ ᠲᠠᠶᠢᠯᠪᠤᠷᠢᠯᠠᠯᠲᠠ ᠬᠢᠵᠣ ᠦᠨᠳᠦᠰᠦᠲᠡᠨ ᠤ ᠲᠥᠷᠥ ᠶᠢᠨ ᠪᠣᠳᠣᠯᠭ᠎ᠠ ᠬᠢᠭᠡᠳ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠰᠢᠨ ᠠᠨ ᠪᠠᠯᠭᠠᠰᠤᠨ ᠳᠤ  ᠬᠦᠷᠭᠡᠪᠡ ᠃     ᠳᠠᠷᠠᠭᠠᠴᠢ ᠶᠢᠨ ᠠᠯᠬᠤᠮ ᠳᠤ᠂ ᠰᠢᠨ ᠠᠨ ᠪᠠᠯᠭᠠᠰᠤ ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠬᠠᠤᠯᠢᠵᠢᠯ ᠤᠨ ᠤᠬᠠᠭᠤᠯᠭ᠎ᠠ ᠶᠢ  ᠪᠠᠶᠢᠩᠭᠤᠵᠢᠭᠤᠯᠤᠨ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ  ᠠᠬᠢᠭᠤᠯᠵᠤ᠂ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠲᠠᠰᠤᠷᠠᠯᠲᠠ ᠦᠭᠡᠢ  ᠡᠬᠦᠳᠦᠨ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ  ᠠᠬᠢᠭᠤᠯᠪᠠ᠃       
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ