ᠶᠡᠭᠡ ᠰᠠᠯᠬᠢᠨ ᠤ ᠠᠭᠤᠷ ᠠᠮᠢᠰᠬᠤᠯ ᠠᠴᠠ ᠪᠣᠯᠣᠭᠰᠠᠨ ᠬᠥᠪᠦᠮᠡᠯ ᠪᠣᠳᠠᠰ ︵ᠵᠢᠱᠢᠶᠡᠯᠡᠪᠡᠯ ᠲᠠᠷᠢᠶᠠᠯᠠᠩ ᠤᠨ ᠪᠦᠷᠬᠦᠪᠴᠢ᠂ ᠰᠦᠯᠢᠶᠣᠣ ᠪᠣᠭᠤᠳᠠᠯ | ᠵᠡᠷᠭᠡ︶ ᠤᠨ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠠᠮᠤᠷ ᠲᠦᠪᠰᠢᠨ ᠤ ᠰᠦᠷᠳᠡᠭᠦᠯᠦᠯ ᠢ ᠠᠷᠢᠯᠭᠠᠵᠤ᠂ ᠪᠤᠭᠤᠲᠤ ᠠᠴᠠ ᠢᠷᠭᠠᠢ | ᠬᠦᠷᠬᠦ ᠲᠦᠷᠭᠡᠨ ᠤ ᠲᠡᠮᠦᠷ ᠵᠠᠮ ᠤᠨ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠲᠤᠷᠰᠢᠬᠤ ᠵᠢᠴᠢ ᠤᠷᠤᠭᠰᠢᠲᠠᠢ ᠪᠠᠷ ᠲᠡᠷᠭᠡ ᠨᠡᠪᠲᠡᠷᠡᠬᠦ ᠶᠢ | ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠣᠷᠠᠳ ᠤᠨ ᠡᠮᠦᠨᠡᠲᠣ ᠬᠤᠰᠢᠭᠤᠨ ᠤ ᠪᠠᠶᠠᠨᠬᠤᠸᠠ ᠪᠠᠯᠭᠠᠰᠤ ᠲᠡᠮᠦᠷ ᠵᠠᠮ ᠤᠨ ᠰᠠᠯᠠᠭ᠎ᠠ ᠮᠥᠴᠢᠷ ᠲᠠᠢ | ᠬᠠᠮᠲᠤᠷᠠᠨ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠳᠠᠭᠠᠤ ᠶᠢᠨ ᠬᠥᠪᠦᠮᠡᠯ ᠪᠣᠳᠠᠰ ᠢ ᠴᠡᠪᠡᠷᠯᠡᠨ ᠴᠡᠭᠴᠡᠯᠡᠬᠦ ᠠᠵᠢᠯᠯᠠᠭ᠎ᠠ ᠥᠷᠨᠢᠭᠦᠯᠵᠦ᠂ | ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠠᠵᠢᠯᠯᠠᠭᠠᠨ ᠢ ᠬᠠᠮᠠᠭᠠᠯᠠᠪᠠ᠃ | ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ︽ᠪᠠᠯᠭᠠᠰᠤᠨ ᠤ ᠤᠳᠤᠷᠢᠳᠤᠯᠭ᠎ᠠ ᠬᠡᠰᠡᠭ ᠢ ᠳᠠᠭᠠᠭᠠᠴᠢᠯᠠᠬᠤ᠂ | ᠲᠣᠰᠬᠤᠨ ᠤ ᠺᠠᠳ᠋ᠷ ᠬᠡᠰᠡᠭ ᠢ ᠳᠠᠭᠠᠭᠠᠴᠢᠯᠠᠬᠤ᠂ ᠰᠦᠯᠵᠢᠶᠡᠨ ᠤ ᠠᠵᠢᠯᠲᠠᠨ ᠴᠡᠭ ᠢ ᠳᠠᠭᠠᠭᠠᠴᠢᠯᠠᠬᠤ︾ ᠭᠤᠷᠪᠠᠨ ᠱᠠᠲᠤᠨ ᠤ ᠳᠠᠭᠠᠭᠠᠴᠢᠯᠠᠨ | ᠬᠤᠯᠪᠣᠭᠠᠯᠠᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠶᠢ ᠪᠣᠳᠠᠲᠠᠶᠢᠵᠢᠭᠤᠯᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ᠲᠡᠮᠦᠷ ᠵᠠᠮ ᠤᠨ | ᠬᠤᠶᠠᠷ ᠬᠠᠵᠠᠭᠤ ᠶᠢᠨ 500 ᠮᠧᠲᠷ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠡᠭᠦᠷᠭᠡ ᠲᠣᠳᠣᠷᠬᠠᠶ᠂ ᠬᠠᠷᠢᠭᠤᠴᠠᠯᠭ᠎ᠠ | ᠬᠥᠮᠦᠨ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠣᠯᠠᠪᠠ᠃ | ᠬᠤᠶᠠᠷ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠬᠢ ᠡᠭᠦᠰᠦᠯ ᠤᠨ ᠳᠠᠯᠳᠠ ᠬᠡᠮ ᠢ ᠠᠷᠢᠯᠭᠠᠪᠠ᠃ ᠪᠠᠯᠭᠠᠰᠤ | ᠲᠣᠰᠬᠤᠨ ᠤ ᠨᠠᠮ ᠤᠨ ᠭᠡᠰᠢᠭᠦᠨ ᠺᠠᠳ᠋ᠷ᠂ ᠰᠦᠯᠵᠢᠶᠡᠨ ᠤ ᠠᠵᠢᠯᠲᠠᠨ ᠤ ᠬᠦᠴᠦᠨ ᠢ ᠥᠷᠭᠡᠨ ᠢᠶᠠᠷ ᠳᠠᠶᠢᠴᠢᠯᠠᠵᠤ᠂ ᠲᠦᠷᠭᠡᠨ ᠲᠡᠮᠦᠷ ᠵᠠᠮ ᠳᠠᠭᠠᠤ ᠶᠢᠨ | ᠲᠠᠷᠢᠶᠠᠨ ᠭᠠᠵᠠᠷ᠂ ᠪᠠᠷᠢᠯᠭ᠎ᠠ ᠶᠢᠨ ᠭᠠᠵᠠᠷ᠂ ᠠᠶᠢᠯ ᠲᠣᠰᠬᠤᠨ ᠤ ᠡᠷᠬᠢᠨ ᠲᠣᠭᠤᠷᠢᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠲᠣᠤᠷ ᠲᠠᠲᠠᠵᠤ | ᠵᠢᠭᠰᠠᠭᠠᠨ ᠪᠠᠶᠢᠴᠠᠭᠠᠵᠤ᠂ ᠰᠦᠯᠢᠶᠣᠣ ᠪᠦᠷᠬᠦᠭᠦᠯ᠂ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠵᠡᠷᠭᠡ ᠡᠯ᠎ᠡ ᠲᠥᠷᠥᠯ ᠤᠨ | ᠬᠥᠪᠦᠮᠡᠯ ᠪᠣᠳᠠᠰ ᠲᠤ ᠴᠢᠭᠯᠡᠭᠦᠯᠦᠨ ᠬᠦᠴᠦᠨ ᠢᠶᠠᠨ ᠵᠣᠬᠢᠶᠠᠨ ᠪᠠᠶᠢᠭᠤᠯᠵᠤ ᠲᠥᠪᠯᠡᠷᠡᠭᠦᠯᠦᠨ ᠴᠡᠪᠡᠷᠯᠡᠨ ᠲᠡᠭᠡᠭᠡᠪᠦᠷᠢᠯᠡᠵᠦ᠂ ᠲᠦᠢᠯᠪᠤᠷᠢᠲᠠᠶ ᠠᠷᠢᠯᠭᠠᠪᠠ᠃ | ᠭᠤᠷᠪᠠ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠬᠦᠯᠪᠡ᠃ | ᠲᠤᠰᠬᠠᠶ ᠲᠤᠰᠢᠶᠠᠯᠲᠤ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ ᠪᠠᠶᠢᠩᠭᠤᠵᠢᠬᠰᠠᠨ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ | ᠡᠩᠨᠡᠭᠡ ᠶᠢ ᠪᠠᠶᠢᠭᠤᠯᠪᠠ᠃ ︽ᠡᠳᠦᠷ ᠤᠨ ᠲᠣᠭᠤᠷᠢᠨ ᠪᠠᠶᠢᠴᠠᠭᠠᠬᠤ᠂ ᠭᠠᠷᠠᠭ ᠢᠶᠠᠷ ᠮᠡᠳᠡᠭᠡᠯᠡᠬᠦ᠂ ᠰᠠᠷ᠎ᠠ ᠪᠠᠷ ᠰᠢᠯᠭᠠᠨ ᠬᠢᠨᠠᠬᠤ︾ ᠠᠵᠢᠯ ᠤᠨ | ᠲᠣᠭᠲᠠᠴᠠ ᠶᠢ ᠪᠠᠶᠢᠭᠤᠯᠬᠤ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠦᠷᠭᠦᠯᠵᠢᠯᠡᠨ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠪᠠᠲᠣᠯᠠᠪᠠ᠃ | ᠣᠳᠣᠬᠠᠨ ᠪᠣᠯᠲᠠᠯ᠎ᠠ᠂ ᠨᠡᠶᠢᠲᠡ 30 ᠭᠠᠷᠤᠶ ᠭᠠᠵᠠᠷ ᠤᠨ ᠡᠯ᠎ᠡ ᠲᠥᠷᠥᠯ ᠤᠨ ᠬᠥᠪᠦᠮᠡᠯ ᠪᠣᠳᠠᠰ ᠤᠨ ᠳᠠᠯᠳᠠ ᠬᠡᠮ ᠢ ᠴᠡᠪᠡᠷᠯᠡᠪᠡ᠃ | ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠲᠤᠷᠰᠢᠬᠤ ᠳᠤ ᠵᠠᠩᠭᠢᠯᠠᠭ᠎ᠠ ᠶᠢᠨ ᠬᠠᠷᠰᠢ | ᠰᠠᠭᠠᠳ ᠢ ᠠᠷᠢᠯᠭᠠᠵᠤ᠂ ᠪᠥᠬᠦ ᠱᠤᠭᠤᠮ ᠢᠶᠠᠷ ᠢᠶᠠᠨ ᠲᠣᠭᠲᠠᠭᠰᠠᠨ ᠬᠤᠭᠤᠴᠠᠭᠠᠨ ᠳᠤ ᠠᠮᠤᠷ ᠲᠦᠪᠰᠢᠨ ᠢᠶᠠᠷ ᠲᠡᠷᠭᠡ ᠨᠡᠪᠲᠡᠷᠡᠬᠦ ᠳᠤ ᠰᠠᠭᠤᠷᠢ ᠶᠢ | ᠰᠠᠶᠢᠲᠤᠷ ᠲᠠᠯᠪᠢᠪᠠ᠃ ᠳᠠᠷᠠᠭᠠᠴᠢ ᠶᠢᠨ ᠠᠯᠬᠤᠮ ᠳᠤ᠂ ᠪᠠᠶᠠᠨᠬᠤᠸᠠ ᠪᠠᠯᠭᠠᠰᠤ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ᠲᠦᠷᠭᠡᠨ ᠤ ᠲᠡᠮᠦᠷ ᠵᠠᠮ ᠳᠠᠭᠠᠤ ᠶᠢᠨ | ᠨᠣᠭᠤᠭᠠᠷᠠᠭᠤᠯᠤᠯᠲᠠ ᠭᠤᠶᠤᠵᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠠᠮᠤᠷ ᠲᠦᠪᠰᠢᠨ ᠤ ᠬᠠᠮᠠᠭᠠᠯᠠᠯᠲᠠ ᠪᠣᠯᠤᠨ | ᠠᠮᠢ ᠠᠬᠤᠢ ᠶᠢᠨ ᠦᠵᠡᠮᠵᠢ ᠶᠢ ᠨᠢᠭᠡ ᠴᠤᠬᠴᠠᠵᠢᠭᠤᠯᠤᠬᠰᠠᠨ ᠥᠨᠳᠥᠷ ᠬᠤᠷᠳᠤᠴᠠᠲᠤ ᠲᠡᠮᠦᠷ ᠵᠠᠮ ᠤᠨ ᠪᠣᠬᠢᠷᠲᠤᠯ ᠦᠭᠡᠢ ᠬᠤᠩᠭᠢᠯ ᠢ ᠬᠦᠴᠦᠯᠡᠨ | ᠪᠠᠶᠢᠭᠤᠯᠤᠨ᠎ᠠ᠃ ᠲᠡᠮᠦᠷ ᠵᠠᠮ ᠤᠨ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠤᠶᠤᠨᠴᠢᠯᠠᠭᠰᠠᠨ ᠬᠢᠨᠠᠨ | ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠮᠡᠷᠭᠡᠵᠢᠯ ᠢ ᠣᠷᠣᠭᠤᠯᠤᠨ ᠠᠪᠴᠢᠷᠠᠬᠤ ᠶᠢ ᠬᠠᠶᠢᠨ ᠰᠦᠪᠡᠭᠴᠢᠯᠡᠵᠦ᠂ ᠠᠶᠤᠯ ᠲᠦᠭᠰᠢᠭᠦᠷᠢ ᠶᠢ ᠡᠷᠲᠡ | ᠢᠯᠭᠠᠨ ᠲᠠᠨᠢᠬᠤ ᠪᠠ ᠲᠦᠷᠭᠡᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠦᠷᠭᠡᠨ ᠲᠡᠮᠦᠷ ᠵᠠᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠬᠠᠮᠲᠤᠪᠠᠷ ᠪᠠᠬᠢᠵᠢᠭᠦᠯᠦᠨ᠎ᠡ᠃ | | |