| ᠸᠠᠩ ᠬᠤ᠋ ᠨᠢᠩ ᠼᠠᠢ ᠴᠢ ᠪᠠᠷ᠎ᠠ ᠪᠣᠯᠵᠤ ᠪᠠᠷᠠᠳᠠᠨ ᠵᠣᠯᠭᠠᠬᠤ ᠶᠢ ᠭᠥᠯᠢᠶᠡᠨ ᠠᠪᠤᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠡᠳᠦᠷ ᠵᠥᠩ ᠨᠠᠨ ᠬᠠᠢ ᠳᠤ ᠪᠠᠨᠴᠢᠨ᠋ᠡᠷᠳᠡᠨᠢ·ᠴᠣᠶᠢᠵᠢᠵᠠᠯᠪᠤ ᠶᠢᠨ ᠪᠠᠷᠠᠳᠠᠨ ᠵᠣᠯᠭᠠᠬᠤ ᠶᠢ | ᠭᠥᠯᠢᠶᠡᠨ ᠠᠪᠤᠪᠠ᠃ ᠰᠢ ᠶᠢᠨ ᠫᠢᠩ ᠲᠡᠭᠦᠨ ᠢ ᠠᠷᠪᠠᠳᠤᠭᠠᠷ ᠳᠦᠷᠢ ᠶᠢᠨ ᠪᠠᠨᠴᠢᠨ᠋ᠡᠷᠳᠡᠨᠢ ᠶᠡᠭᠡ ᠪᠠᠭᠰᠢ ᠪᠠᠷ ᠦᠯᠢᠭᠡᠷ ᠳᠠᠭᠤᠷᠢᠶᠠᠯ ᠪᠤᠯᠭᠠᠵᠤ᠂ ᠪᠤᠷᠬᠠᠨ | ᠱᠠᠰᠢᠨ ᠤ ᠤᠬᠠᠭᠠᠨ ᠢ ᠭᠦᠨᠵᠡᠭᠡᠢ ᠡᠵᠡᠮᠰᠢᠭᠰᠡᠨ᠂ ᠯᠠᠮᠠ ᠬᠠᠷ᠎ᠠ ᠱᠠᠰᠢᠨ ᠤ ᠰᠦᠰᠦᠭᠳᠡᠳ ᠤᠨ ᠬᠠᠶᠢᠷ᠎ᠠ ᠬᠦᠨᠳᠦᠳᠬᠡᠯ ᠢ ᠣᠯᠣᠭᠰᠠᠨ ᠲᠥᠪᠡᠳ ᠤᠨ | ᠪᠤᠳ᠋ᠳ᠋ᠾᠠ ᠶᠢᠨ ᠱᠠᠰᠢᠨ ᠤ ᠭᠡᠭᠡᠨ ᠪᠤᠯᠬᠤ ᠪᠠᠷ ᠴᠢᠷᠮᠠᠶᠢᠵᠤ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠨᠠᠶᠢᠷᠠᠮᠳᠠᠭᠤ ᠡᠶᠡᠪᠡᠷᠭᠦᠦ᠂ | ᠲᠥᠪᠡᠳ ᠤᠨ ᠲᠣᠭᠲᠠᠭᠤᠨ ᠬᠥᠭᠵᠢᠯᠲᠡ ᠲᠠᠪᠰᠢᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃ | | | | | | 6 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠵᠥᠩ ᠨᠠᠨ ᠬᠠᠢ ᠳᠤ ᠪᠠᠨᠴᠢᠨ᠋ᠡᠷᠳᠡᠨᠢ · | ᠴᠣᠶᠢᠵᠢᠵᠠᠯᠪᠤ ᠶᠢᠨ ᠪᠠᠷᠠᠳᠠᠨ ᠵᠣᠯᠭᠠᠬᠤ ᠶᠢ ᠭᠥᠯᠢᠶᠡᠨ ᠠᠪᠤᠪᠠ᠃ ᠵᠢᠷᠤᠭ ᠪᠣᠯ ᠪᠠᠨᠴᠢᠨ᠋ᠡᠷᠳᠡᠨᠢ ᠠᠴᠠ ᠰᠢ ᠶᠢᠨ ᠫᠢᠩ ᠳᠤ ᠬᠠᠳᠠᠭ ᠪᠠᠷᠢᠵᠤ ᠪᠠᠶᠢᠭ᠎ᠠ ᠨᠢ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠪᠠᠷᠠᠳᠠᠨ | ᠵᠣᠯᠭᠠᠬᠤ ᠶᠢ ᠭᠥᠯᠢᠶᠡᠨ ᠠᠪᠤᠪᠠ᠃ | ᠪᠠᠨᠴᠢᠨ᠋ᠡᠷᠳᠡᠨᠢ ᠠᠴᠠ ᠰᠢ ᠶᠢᠨ ᠫᠢᠩ ᠳᠤ ᠬᠠᠳᠠᠭ ᠪᠠᠷᠢᠵᠤ᠂ ᠥᠪᠡᠷ ᠤᠨ ᠣᠶᠢᠷ᠎ᠠ ᠶᠢᠨ ᠵᠢᠯ ᠤᠨ ᠰᠤᠷᠤᠯᠴᠠᠯᠭ᠎ᠠ ᠪᠠ ᠠᠵᠢᠯ ᠤᠨ ᠪᠠᠶᠢᠳᠠᠯ ᠢᠶᠠᠨ | ᠲᠠᠨᠢᠯᠴᠠᠭᠤᠯᠪᠠ᠃ ᠰᠢ ᠶᠢᠨ ᠫᠢᠩ ᠲᠡᠭᠦᠨ ᠤ ᠡᠯ᠎ᠡ ᠲᠠᠯ᠎ᠠ ᠪᠠᠷ ᠣᠯᠣᠭᠰᠠᠨ ᠲᠠᠪᠰᠢᠯᠳᠠ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ | ᠰᠢ ᠶᠢᠨ ᠫᠢᠩ ᠪᠠᠨᠴᠢᠨ᠋ᠡᠷᠳᠡᠨᠢ ᠶᠢ ᠲᠥᠪᠡᠳ ᠤᠨ ᠪᠤᠳ᠋ᠳ᠋ᠾᠠ ᠶᠢᠨ ᠱᠠᠰᠢᠨ ᠤ ᠤᠯᠤᠰ ᠢᠶᠠᠨ ᠬᠠᠶᠢᠷᠠᠯᠠᠬᠤ ᠱᠠᠰᠢᠨ ᠢᠶᠠᠨ ᠬᠠᠶᠢᠷᠠᠯᠠᠬᠤ ᠢᠷᠠᠭᠤ | ᠠᠯᠳᠠᠷᠲᠤ ᠤᠯᠠᠮᠵᠢᠯᠠᠯ ᠢ ᠵᠠᠯᠭᠠᠮᠵᠢᠯᠠᠵᠤ᠂ ᠡᠬᠡ ᠤᠯᠤᠰ ᠤᠨ ᠨᠢᠭᠡᠳᠦᠯ ᠪᠣᠯᠣᠨ ᠦᠨᠳᠦᠰᠦᠲᠡᠨ ᠤ ᠪᠦᠯᠬᠦᠮᠳᠡᠯ ᠢ ᠡᠷᠡᠰ ᠬᠠᠮᠠᠭᠠᠯᠠᠬᠤ ᠬᠡᠷᠡᠭᠲᠡᠢ᠃ | ᠰᠤᠷᠤᠯᠴᠠᠯᠭ᠎ᠠ ᠶᠢᠨ ᠲᠠᠯ᠎ᠠ ᠪᠠᠷ ᠨᠢᠭᠡ ᠰᠡᠳᠬᠢᠯ ᠢᠶᠠᠷ ᠴᠢᠷᠮᠠᠶᠢᠨ ᠲᠠᠪᠰᠢᠵᠤ᠂ ᠱᠠᠰᠢᠨ ᠰᠤᠷᠲᠠᠬᠤᠨ ᠤ ᠪᠣᠯᠪᠠᠰᠤᠷᠠᠯ ᠢᠶᠠᠨ ᠲᠠᠰᠤᠷᠠᠯᠲᠠ ᠦᠭᠡᠢ | ᠭᠦᠨᠵᠡᠭᠡᠶᠢᠷᠡᠭᠦᠯᠦᠨ᠂ ᠱᠠᠰᠢᠨ ᠰᠤᠷᠲᠠᠬᠤᠨ ᠤ ᠲᠦᠪᠰᠢᠨ ᠢᠶᠠᠨ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠮᠡᠳᠡᠯᠭᠡ ᠶᠢ ᠰᠤᠷᠤᠯᠴᠠᠬᠤ ᠪᠠ ᠡᠵᠡᠮᠰᠢᠬᠦ ᠪᠠᠨ | ᠴᠢᠩᠭᠠᠳᠬᠠᠬᠤ ᠬᠡᠷᠡᠭᠲᠡᠢ᠃ ᠠᠵᠢᠯ ᠤᠨ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠶᠢ ᠰᠢᠰᠲ᠋ᠧᠮ | ᠲᠠᠢ ᠠᠬᠢᠭᠤᠯᠬᠤ᠂ ᠲᠥᠪᠡᠳ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ᠃ ᠬᠡᠪ ᠪᠣᠯᠪᠠᠰᠤᠷᠠᠯ ᠤᠨ ᠲᠠᠯ᠎ᠠ ᠪᠠᠷ ᠪᠤᠶᠠᠨ ᠤ ᠱᠠᠭᠱᠠᠪᠠᠳ ᠢ ᠬᠢᠴᠢᠶᠡᠩᠭᠦᠶᠢᠯᠡᠵᠦ᠂ ᠲᠦᠷᠦᠭᠦᠯᠡᠨ ᠬᠠᠤᠯᠢ ᠶᠢ ᠰᠠᠬᠢᠵᠤ ᠰᠠᠬᠢᠯ ᠢ ᠪᠠᠷᠢᠮᠲᠠᠯᠠᠵᠤ᠂ | ᠰᠢᠯᠢᠳᠡᠭ ᠰᠠᠶᠢᠨ ᠶᠣᠰᠣ ᠰᠤᠷᠲᠠᠬᠤᠨ ᠪᠠ ᠡᠷᠬᠢᠮ ᠳᠡᠭᠡᠳᠦ ᠵᠠᠩ ᠰᠤᠷᠲᠠᠯ ᠢ ᠪᠠᠷᠢᠮᠲᠠᠯᠠᠬᠤ ᠬᠡᠷᠡᠭᠲᠡᠢ ᠭᠡᠵᠦ ᠬᠦᠰᠡᠪᠡ᠃ | ᠪᠠᠨᠴᠢᠨ᠋ᠡᠷᠳᠡᠨᠢ᠂ ᠯᠠᠪᠲᠠᠢ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠰᠤᠷᠭᠠᠯ ᠢ ᠪᠠᠲᠤ ᠴᠡᠭᠡᠵᠢᠯᠡᠵᠦ᠂ ᠠᠷᠪᠠᠳᠤᠭᠠᠷ ᠳᠦᠷᠢ ᠶᠢᠨ | ᠪᠠᠨᠴᠢᠨ᠋ᠡᠷᠳᠡᠨᠢ ᠶᠡᠭᠡ ᠪᠠᠭᠰᠢ ᠪᠠᠷ ᠦᠯᠢᠭᠡᠷ ᠳᠠᠭᠤᠷᠢᠶᠠᠯ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ | ᠬᠦᠷᠢᠶᠡᠯᠡᠵᠦ᠂ ᠡᠬᠡ ᠤᠯᠤᠰ ᠤᠨ ᠨᠢᠭᠡᠳᠦᠯ ᠪᠣᠯᠣᠨ ᠦᠨᠳᠦᠰᠦᠲᠡᠨ ᠤ ᠪᠦᠯᠬᠦᠮᠳᠡᠯ ᠢ ᠡᠷᠡᠰ ᠬᠠᠮᠠᠭᠠᠯᠠᠨ᠎ᠠ᠃ ᠦᠷᠭᠦᠯᠵᠢᠯᠡᠨ ᠳᠠᠷᠤᠤ ᠬᠢᠴᠢᠶᠡᠩᠭᠦᠢ ᠪᠠᠷ | ᠰᠤᠷᠤᠯᠴᠠᠨ ᠲᠠᠪᠰᠢᠵᠤ᠂ ᠱᠠᠰᠢᠨ ᠰᠤᠷᠲᠠᠬᠤᠨ ᠤ ᠮᠡᠳᠡᠯᠭᠡ ᠪᠠ ᠶᠡᠷᠦᠩᠬᠡᠶᠢᠯᠡᠭᠰᠡᠨ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠶᠢ ᠰᠢᠰᠲ᠋ᠧᠮ ᠲᠠᠢ | ᠠᠬᠢᠭᠤᠯᠬᠤ᠂ ᠲᠥᠪᠡᠳ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ | ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠯᠢ ᠭᠠᠨ ᠵᠢᠶᠧ ᠠᠵᠢᠯᠯᠠᠭ᠎ᠠ ᠳᠤ ᠣᠷᠣᠯᠴᠠᠪᠠ᠃ | (ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 6 ᠤ ᠴᠠᠭᠢᠯᠭᠠᠨ ᠮᠡᠳᠡᠭᠡ) | | |