ᠰᠢ ᠶᠢᠨ ᠫᠢᠩ ᠫᠤᠯᠠᠨᠳ᠋ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠨᠠᠹᠷᠤᠼᠺᠢ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/6/9
    2025 ᠣᠨ ᠤ 6 ᠰᠠᠷ᠎ᠠ ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠷᠤᠯ·ᠨᠠᠹᠷᠤᠼᠺᠢ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠫᠤᠯᠠᠨᠳ᠋ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃    ᠰᠢ ᠶᠢᠨ ᠫᠢᠩ᠂ ᠫᠤᠯᠠᠨᠳ᠋ ᠪᠣᠯ ᠬᠠᠮᠤᠭ ᠤᠨ ᠡᠷᠲᠡ ᠰᠢᠨ᠎ᠡ ᠳᠤᠮᠳᠠᠳᠤ ᠤᠯᠤᠰ ᠢ ᠮᠡᠳᠡᠷᠡᠭᠰᠡᠨ ᠪᠥᠭᠡᠳ ᠰᠢᠨ᠎ᠡ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠯᠤᠰ ᠤᠨ ᠨᠢᠭᠡ ᠪᠣᠯᠣᠨ᠎ᠠ᠃ ᠳᠤᠮᠳᠠᠳᠤ ᠫᠤᠯᠠᠨᠳ᠋ ᠬᠤᠶᠠᠷ ᠤᠯᠤᠰ ᠨᠥᠭᠦᠷᠰᠡᠭ ᠤᠯᠠᠮᠵᠢᠯᠠᠯ ᠲᠠᠢ᠂ ᠬᠠᠷᠢᠯᠴᠠᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 76 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠬᠤ ᠶᠢ ᠪᠠᠷᠢᠮᠲᠠᠯᠠᠵᠤ᠂ ᠡᠯ᠎ᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠦᠢᠮᠡᠭᠡᠨ ᠳᠡᠪᠵᠢᠶᠡᠨ ᠰᠣᠯᠪᠢᠴᠠᠭᠰᠠᠨ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠪᠣᠯᠣᠨ ᠫᠤᠯᠠᠨᠳ᠋ ᠨᠥᠭᠦᠷᠰᠡᠭ ᠬᠠᠨᠢᠲᠠᠨ ᠪᠣᠯᠤᠭᠰᠠᠨ ᠤ ᠬᠤᠪᠢ ᠳᠤ᠂ ᠤᠯᠤᠰ ᠲᠦᠷᠦ ᠶᠢᠨ ᠢᠲᠡᠭᠡᠯᠴᠡᠭᠡ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠪᠠᠯ ᠵᠣᠬᠢᠨ᠎ᠠ᠃ ᠪᠢ ᠳᠤᠮᠳᠠᠳᠤ ᠫᠤᠯᠠᠨᠳ᠋ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠨᠠᠹᠷᠤᠼᠺᠢ ᠲᠠᠢ ᠬᠠᠮᠲᠤ ᠪᠠᠷ ᠴᠢᠷᠮᠠᠶᠢᠵᠤ ᠳᠤᠮᠳᠠᠳᠤ ᠫᠤᠯᠠᠨᠳ᠋ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠪᠤᠷᠢᠲᠤ ᠴᠢᠨᠠᠷ ᠪᠠ ᠲᠣᠬᠲᠠᠭᠠᠯᠳᠤ ᠴᠢᠨᠠᠷ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃   (ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 6 ᠤ ᠴᠠᠭᠢᠯᠭᠠᠨ ᠮᠡᠳᠡᠭᠡ)
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ