| ᠯᠢ ᠴᠢᠶᠠᠩ ᠪᠣᠯᠣᠨ ᠮᠢᠨ ᠠᠩ ᠯᠠᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ | 6 ᠰᠠᠷ᠎ᠠ ᠶᠢᠨ 8 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠪᠢᠷᠮᠠ ᠶᠢᠨ ᠤᠳᠤᠷᠢᠳᠬᠤ ᠬᠥᠮᠥᠨ ᠮᠢᠨ ᠠᠩ ᠯᠠᠢ ᠬᠠᠷᠢᠯᠴᠠᠨ | ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ ᠪᠢᠷᠮᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠪᠡ᠃ | ᠰᠢ ᠶᠢᠨ ᠫᠢᠩ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ᠂ ᠳᠤᠮᠳᠠᠳᠤ ᠪᠢᠷᠮᠠ ᠶᠢᠨ ᠠᠬ᠎ᠠ ᠳᠡᠭᠦᠦ ᠶᠢᠨ ᠨᠥᠬᠦᠷᠯᠡᠯ ᠰᠠᠯᠬᠢ | ᠪᠣᠷᠣᠭᠠᠨ ᠢ ᠲᠤᠭᠤᠯᠵᠥ᠂ ᠶᠠᠪᠤᠬᠤ ᠲᠤᠳᠤᠮ ᠪᠠᠬᠢᠵᠢᠪᠡ᠃ ᠬᠤᠶᠠᠷ ᠲᠠᠯ᠎ᠠ ᠪᠠᠷ ᠢᠶᠠᠨ ᠬᠠᠮᠲᠤ ᠪᠠᠷ ᠰᠠᠨᠠᠭᠠᠴᠢᠯᠠᠭᠰᠠᠨ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢ | ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠤᠰ ᠲᠤᠰ ᠤᠨ ᠭᠤᠣᠯᠯᠠᠭᠴᠢ ᠠᠰᠢᠭ ᠲᠤᠰᠠ ᠲᠠᠢ ᠬᠤᠯᠪᠣᠭᠳᠠᠬᠤ ᠪᠠ | ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠤ ᠬᠠᠷᠢᠯᠴᠠᠨ ᠡᠷᠡᠰ ᠳᠡᠮᠵᠢᠯᠴᠡᠵᠦ᠂ ᠤᠯᠤᠰ ᠤᠨ ᠬᠤᠭᠤᠷᠣᠨᠳᠣᠭᠢ ᠨᠥᠭᠦᠷᠰᠡᠭ ᠶᠠᠪᠤᠯᠴᠠᠭᠠᠨ ᠤ ᠬᠡᠪ | ᠳᠠᠭᠤᠷᠢᠶᠠᠯ ᠢ ᠪᠤᠢ ᠪᠣᠯᠭᠠᠪᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠤᠨ 5 ᠰᠠᠷ᠎ᠠ ᠳᠤ ᠤᠷᠤᠰ ᠲᠤ ᠪᠢ ᠲᠠᠨ ᠲᠠᠢ ᠠᠭᠤᠯᠵᠠᠵᠤ᠂ ᠳᠤᠮᠳᠠᠳᠤ ᠪᠢᠷᠮᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠳᠤᠮᠳᠠᠳᠤ ᠪᠢᠷᠮᠠ ᠶᠢᠨ ᠬᠠᠷᠢᠯᠴᠠᠭ᠎ᠠ ᠶᠢᠨ | ᠬᠥᠭᠵᠢᠯᠲᠡ ᠶᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠪᠢᠷᠮᠠ ᠶᠢᠨ ᠬᠢᠨ ᠲᠠᠢ ᠭᠠᠷ ᠬᠤᠯᠪᠣᠯᠴᠠᠨ ᠴᠢᠷᠮᠠᠶᠢᠵᠤ᠂ | ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠲᠦᠷᠭᠡᠳᠬᠡᠨ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠬᠠᠮᠲᠤ ᠪᠠᠷ | ᠰᠠᠶᠢᠲᠤᠷ ᠨᠠᠶᠢᠳᠠᠪᠤᠷᠢᠵᠢᠭᠤᠯᠵᠤ᠂ ᠳᠤᠮᠳᠠᠳᠤ ᠪᠢᠷᠮᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ | ᠮᠢᠨ ᠠᠩ ᠯᠠᠢ᠂ ᠡᠷᠬᠢᠮ ᠲᠡᠷᠢᠭᠦᠯᠡᠭᠴᠢ ᠲᠠ 2020 ᠣᠨ ᠳᠤ ᠪᠢᠷᠮᠠ ᠳᠤ ᠲᠡᠦᠬᠡᠲᠦ ᠴᠢᠨᠠᠷᠲᠠᠢ ᠠᠶᠢᠯᠴᠢᠯᠠᠯᠲᠠ ᠬᠢᠭᠰᠡᠨ ᠨᠢ ᠪᠢᠷᠮᠠ | ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠪᠡ᠃ ᠲᠦᠷᠦᠭᠦᠬᠡᠨ ᠪᠢᠷᠮᠠ ᠳᠤ ᠬᠦᠴᠦᠲᠡᠢ | ᠭᠠᠵᠠᠷ ᠬᠥᠳᠡᠯᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠲᠡᠷᠡ ᠳᠣᠣᠷ᠎ᠠ ᠨᠢ ᠬᠥᠮᠦᠯᠢᠭ ᠦᠵᠡᠯ ᠤᠨ ᠲᠤᠰᠠᠯᠠᠮᠵᠢ | ᠬᠠᠩᠭᠠᠵᠤ᠂ ᠬᠤᠶᠠᠷ ᠤᠯᠤᠰ ᠤᠨ ᠠᠷᠠᠳ ᠲᠦᠮᠡᠨ ᠤ ᠵᠣᠪᠠᠭᠤᠷᠢ ᠵᠦᠳᠡᠭᠦᠷᠢ ᠪᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠭᠦᠨ | ᠵᠤᠵᠠᠭᠠᠨ ᠨᠥᠬᠦᠷᠯᠡᠯ ᠢ ᠭᠦᠢᠴᠡᠳ ᠢᠯᠡᠷᠡᠭᠦᠯᠪᠡ᠃ ᠪᠢ ᠡᠷᠬᠢᠮ ᠲᠡᠷᠢᠭᠦᠯᠡᠭᠴᠢ ᠲᠠᠨ ᠲᠠᠢ ᠮᠣᠰᠺᠸᠠ ᠳᠤ ᠪᠠᠶᠠᠯᠢᠭ ᠦᠷ᠎ᠡ ᠪᠦᠲᠦᠭᠡᠯ ᠲᠠᠢ ᠠᠭᠤᠯᠵᠠᠯᠲᠠ | ᠬᠢᠵᠦ᠂ ᠪᠢᠷᠮᠠ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ | ᠪᠣᠯᠪᠠ᠃ ᠳᠤᠮᠳᠠᠳᠤ ᠤᠯᠤᠰ ᠠᠴᠠ ᠪᠢᠷᠮᠠ ᠶᠢᠨ ᠡᠩᠬᠡ ᠲᠠᠶᠢᠪᠤᠩ ᠲᠣᠭᠲᠠᠭᠤᠨ᠂ ᠦᠨᠳᠦᠰᠦᠲᠡᠨ ᠤ ᠡᠶᠡᠳᠡᠯ᠂ ᠠᠵᠤ ᠠᠬᠤᠢ ᠶᠢᠨ ᠬᠥᠭᠵᠢᠯᠲᠡ ᠶᠢ | ᠪᠡᠶᠡᠯᠡᠭᠦᠯᠬᠦ ᠶᠢ ᠡᠷᠡᠰ ᠳᠡᠮᠵᠢᠵᠦ ᠪᠠᠶᠢᠭ᠎ᠠ ᠳᠤ ᠲᠠᠯᠠᠷᠬᠠᠵᠤ ᠪᠠᠶᠢᠨ᠎ᠠ᠂ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠲᠦᠷᠭᠡᠳᠬᠡᠨ | ᠠᠬᠢᠭᠤᠯᠵᠤ᠂ ᠨᠡᠩ ᠡᠷᠴᠢᠮ ᠲᠠᠢ᠂ ᠨᠡᠩ ᠳᠠᠭᠠᠭᠠᠮᠠᠭᠠᠢ᠂ ᠬᠠᠷᠢᠯᠴᠠᠨ ᠠᠰᠢᠭᠲᠠᠢ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ | ᠢᠯᠡᠳᠬᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠣᠨ ᠮᠢᠨ ᠠᠩ ᠯᠠᠢ ᠬᠠᠷᠢᠯᠴᠠᠨ ᠪᠠᠶᠠᠷ ᠤᠨ ᠴᠠᠭᠢᠯᠭᠠᠨ | ᠴᠢᠮᠡᠭᠡ ᠶᠠᠪᠤᠭᠤᠯᠪᠠ᠃ ᠯᠢ ᠴᠢᠶᠠᠩ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ᠂ ᠬᠤᠶᠠᠷ ᠲᠠᠯ᠎ᠠ ᠶᠢᠨ ᠬᠠᠮᠲᠤ ᠶᠢᠨ | ᠴᠢᠷᠮᠠᠶᠢᠯᠭ᠎ᠠ ᠪᠠᠷ᠂ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠨᠥᠭᠦᠷᠰᠡᠭ ᠰᠣᠯᠢᠯᠴᠠᠭ᠎ᠠ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠲᠦᠷᠭᠡᠨ | ᠠᠬᠢᠴᠠ ᠲᠠᠢ ᠪᠣᠯᠪᠠ᠃ ᠪᠢ ᠳᠤᠷᠠᠲᠠᠶ᠎ᠠ ᠲᠠᠨ ᠲᠠᠢ ᠬᠠᠮᠲᠤ ᠪᠠᠷ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠳᠤᠮᠳᠠᠳᠤ ᠪᠢᠷᠮᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠵᠤ᠂ ᠲᠤᠰ ᠲᠤᠰ ᠤᠨ ᠤᠯᠤᠰ ᠤᠨ ᠢᠶᠠᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ ᠮᠢᠨ ᠠᠩ ᠯᠠᠢ᠂ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠵᠢᠯᠣᠭᠤᠳᠤᠯᠭ᠎ᠠ ᠳᠣᠣᠷ᠎ᠠ᠂ ᠪᠢᠷᠮᠠ ᠳᠤᠮᠳᠠᠳᠤ ᠶᠢᠨ ᠬᠠᠷᠢᠯᠴᠠᠭ᠎ᠠ ᠲᠣᠭᠲᠠᠭᠤᠨ ᠢᠶᠠᠷ | ᠤᠷᠤᠭᠰᠢ ᠬᠥᠭᠵᠢᠪᠡ᠃ ᠪᠢᠷᠮᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠭᠠᠷ ᠬᠤᠯᠪᠣᠯᠴᠠᠨ ᠪᠢᠷᠮᠠ ᠳᠤᠮᠳᠠᠳᠤ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ | ᠢᠯᠡᠳᠬᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 8 ᠤ ᠴᠠᠭᠢᠯᠭᠠᠨ ᠮᠡᠳᠡᠭᠡ︶ | | | |