ᠣᠷᠠᠳ ᠤᠨ ᠡᠮᠦᠨᠡᠲᠤ ᠬᠤᠰᠢᠭᠤᠨ ᠤ 2 ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠪᠠᠷᠢᠯᠭ᠎ᠠ ᠲᠠᠭᠤᠰᠪᠠ
ᠨᠡᠶᠢᠲᠡᠯᠡᠭᠰᠡᠨ ᠴᠠᠭ᠄
2025/6/9
    ᠣᠶᠢᠷ᠎ᠠ ᠳᠤ᠂ ᠣᠷᠠᠳ ᠤᠨ ᠡᠮᠦᠨᠡᠲᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠮᠢᠶᠠᠷᠬᠤ ᠲᠠᠯ᠎ᠠ᠂ ᠪᠠᠷᠢᠯᠭ᠎ᠠ ᠶᠢᠨ ᠲᠠᠯ᠎ᠠ᠂ ᠬᠢᠨᠠᠨ ᠪᠤᠳᠤᠬᠤ ᠲᠠᠯ᠎ᠠ ᠵᠡᠷᠭᠡ ᠶᠢ ᠵᠣᠬᠢᠶᠠᠨ ᠪᠠᠶᠢᠭᠤᠯᠵᠤ᠂ ᠮᠢᠩ ᠰᠢᠩ ᠠᠭᠤᠳᠠᠮ ᠲᠠᠯᠠᠪᠠᠶ ᠠᠴᠠ ᠪᠠᠷᠠᠭᠤᠨᠳᠠᠬᠢ 8 ᠬᠥᠮᠦᠨ ᠤ ᠬᠥᠯ ᠪᠥᠮᠪᠦᠭᠡ ᠶᠢᠨ ᠲᠠᠯᠠᠪᠤᠷ ᠪᠠ ᠬᠤᠩ ᠸᠧᠶ ᠬᠤᠶᠢᠲᠤ ᠵᠠᠮ ᠠᠴᠠ ᠵᠡᠭᠦᠨᠳᠡᠬᠢ 11 ᠬᠥᠮᠦᠨ ᠤ ᠬᠥᠯ ᠪᠥᠮᠪᠦᠭᠡ ᠶᠢᠨ ᠲᠠᠯᠠᠪᠤᠷ ᠲᠤ ᠪᠠᠷᠢᠯᠭ᠎ᠠ ᠳᠠᠭᠤᠰᠴᠤ ᠰᠢᠯᠭᠠᠨ ᠠᠪᠤᠪᠠ᠃    ᠰᠢᠯᠭᠠᠨ ᠬᠤᠷᠢᠶᠠᠬᠤ ᠳᠤᠭᠤᠶᠢᠯᠠᠩ ᠠᠴᠠ ᠨᠢᠭᠡᠨᠲᠡ ᠪᠠᠶᠢᠭᠤᠯᠵᠤ ᠳᠠᠭᠤᠰᠤᠭᠰᠠᠨ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠡᠮᠵᠢᠬᠦ᠂ ᠮᠠᠲ᠋ᠧᠷᠢᠶᠠᠯ ᠢ ᠪᠠᠶᠢᠴᠠᠭᠠᠨ ᠦᠵᠡᠬᠦ ᠠᠷᠭ᠎ᠠ ᠪᠠᠷ ᠪᠠᠷᠢᠯᠭ᠎ᠠ ᠶᠢᠨ ᠶᠠᠰᠤ ᠴᠢᠨᠠᠷ  ᠤᠨ ᠲᠠᠯ᠎ᠠ ᠪᠠᠷ ᠰᠢᠯᠭᠠᠨ ᠠᠪᠴᠣ᠂  ᠲᠣᠰ ᠲᠥᠷᠥᠯ ᠵᠦᠢᠯ ᠨᠢ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠪᠠᠷᠢᠯᠭ᠎ᠠ ᠶᠢᠨ ᠠᠵᠢᠯ ᠤᠨ ᠵᠢᠷᠤᠮᠵᠢᠯ ᠳᠤ ᠨᠡᠶᠢᠴᠡᠵᠦ᠂ ᠰᠢᠯᠭᠠᠨ ᠠᠪᠬᠤ ᠶᠢ ᠵᠥᠪᠰᠢᠶᠡᠷᠡᠪᠡ᠃    ᠣᠷᠠᠳ ᠤᠨ ᠡᠮᠦᠨᠡᠲᠤ ᠬᠤᠰᠢᠭᠤ 2022 ᠣᠨ ᠳᠤ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠢ ᠭᠠᠳᠠᠭᠰᠢ ᠨᠡᠭᠡᠭᠡᠬᠦ ᠪᠠ ᠡᠵᠡᠩᠨᠡᠨ ᠬᠠᠮᠢᠶᠠᠷᠬᠤ ᠲᠤᠷᠰᠢᠯᠲᠠ ᠶᠢᠨ ᠬᠤᠰᠢᠭᠤ ᠰᠢᠶᠠᠨ ᠢᠶᠠᠷ ᠵᠥᠪᠰᠢᠶᠡᠷᠡᠭᠳᠡᠡᠪᠡ᠃ ᠲᠣᠰ ᠬᠤᠶᠠᠷ ᠲᠥᠷᠥᠯ ᠤᠨ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠶ ᠲᠠᠯᠠᠪᠠᠶ ᠨᠢ 9739 ᠲᠡᠭᠰᠢ ᠳᠥᠷᠪᠡᠯᠵᠢᠨ ᠮᠧᠲᠷ᠂ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 655 ᠲᠦᠮᠡᠨ ᠲᠥᠭᠦᠷᠢᠭ ᠪᠠᠶᠢᠵᠤ᠂ ᠢᠨᠵᠧᠨᠧᠷᠢᠩ ᠨᠢ 2023 ᠣᠨ ᠤ 8 ᠰᠠᠷ᠎ᠠ ᠳᠤ ᠠᠵᠢᠯ ᠡᠬᠢᠯᠡᠭᠦᠯᠵᠦ᠂ ᠣᠲᠣ ᠨᠢᠭᠡᠨᠲᠡ ᠠᠵᠢᠯ ᠳᠠᠭᠤᠰᠬᠠᠵᠤ᠂ ᠠᠰᠢᠭᠯᠠᠯᠲᠠ ᠳᠤ ᠣᠷᠣᠭᠤᠯᠵᠤ  ᠪᠣᠯᠬᠤ ᠪᠣᠯᠪᠠ᠃ ᠬᠤᠶᠢᠰᠢᠳᠠ᠂ ᠲᠣᠰ ᠬᠤᠰᠢᠭᠤ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠤᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ᠂ ᠬᠥᠯ ᠪᠥᠮᠪᠦᠭᠡ ᠶᠢᠨ ᠤᠷᠤᠯᠳᠤᠭᠠᠨ ᠢ ᠢᠳᠡᠪᠬᠢᠲᠡᠶ ᠥᠷᠨᠢᠭᠦᠯᠬᠦ ᠵᠡᠷᠭᠡ ᠠᠷᠭ᠎ᠠ ᠪᠠᠷ ᠳᠠᠮᠵᠢᠭᠤᠯᠤᠨ᠂ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠪᠠᠲᠤᠯᠠᠵᠤ᠂ ᠣᠷᠠᠳ ᠤᠨ ᠡᠮᠦᠨᠡᠲᠤ ᠬᠤᠰᠢᠭᠤᠨ ᠤ ᠬᠥᠯ ᠪᠥᠮᠪᠦᠭᠡ ᠳᠤ ᠳᠤᠷ᠎ᠠ ᠪᠠᠭ᠋ᠠᠲᠠᠶ ᠬᠥᠮᠦᠰ ᠤᠨ ᠬᠡᠷᠡᠭᠴᠡᠭᠡ ᠶᠢ ᠬᠠᠩᠭᠠᠵᠤ᠂ ᠬᠥᠯ ᠪᠥᠮᠪᠦᠭᠡ ᠶᠢᠨ ᠬᠥᠳᠡᠯᠭᠡᠭᠡᠨ ᠤ ᠥᠷᠨᠢᠨ ᠬᠥᠭᠵᠢᠬᠦ ᠶᠢ ᠠᠬᠢᠭᠤᠯᠤᠨ ᠂ ᠲᠣᠰ ᠬᠤᠰᠢᠭᠤᠨ ᠤ ᠬᠥᠯ ᠪᠥᠮᠪᠦᠭᠡ ᠶᠢᠨ ᠬᠥᠳᠡᠯᠭᠡᠭᠡᠨ ᠢ ᠲᠦᠭᠡᠮᠡᠯᠵᠢᠭᠦᠯᠦᠨ ᠳᠡᠯᠭᠡᠷᠡᠭᠦᠯᠬᠦ᠂ ᠠᠷᠠᠳ ᠣᠯᠠᠨ ᠤ ᠪᠡᠶ᠎ᠡ ᠮᠠᠬᠠᠪᠣᠳ ᠤᠨ ᠬᠡᠪ ᠴᠢᠨᠠᠷ ᠪᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠭᠡᠮᠡᠯᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ  ᠦᠭᠭᠦ  ᠪᠠᠷ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ