ᠰᠤᠶᠤᠯᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/9
    6 ᠰᠠᠷ᠎ᠠ ᠶᠢᠨ 7 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠬᠡᠰᠡᠭ ᠭᠠᠴᠠᠭ᠎ᠠ᠂ ᠠᠭᠤᠷᠬᠠᠢ ᠶᠢᠨ ᠣᠷᠣᠨ ᠳᠤ ᠭᠦᠨᠵᠡᠭᠡᠶᠢᠷᠡᠵᠦ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃

000.jpg

      ᠰᠣᠶᠣᠯᠲᠤ ᠨᠠᠷ ᠤᠷᠢᠳ ᠬᠤᠵᠢᠳ  ᠠᠷᠴᠠ ᠭᠠᠴᠠᠭ᠎ᠠ᠂  ᠬᠦᠨᠬᠤᠳᠳᠤᠭ ᠲᠡᠮᠦᠷ ᠤᠨ ᠠᠭᠤᠷᠬᠠᠢ᠂  ᠲᠡᠷᠡᠰᠥᠲᠡᠢ ᠶᠢᠨ ᠭᠤᠣᠯ ᠤᠨ

ᠠᠭᠤᠷᠬᠠᠢ ᠶᠢᠨ ᠣᠷᠣᠨ ᠤ ᠲᠡᠮᠦᠷ ᠤᠨ ᠠᠭᠤᠷᠬᠠᠢ ᠵᠡᠷᠭᠡ ᠭᠠᠵᠠᠷ ᠲᠤ ᠬᠦᠷᠴᠦ᠂ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ᠂ ᠭᠠᠵᠠᠷ

ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠬᠤ ᠶᠢ ᠵᠠᠰᠠᠬᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠵᠢᠴᠢ ᠤᠷᠭᠤᠮᠠᠯ ᠤᠨ

ᠬᠤᠴᠢᠯᠭ᠎ᠠ ᠶᠢ ᠰᠡᠷᠭᠦᠭᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃

     ᠠᠷᠴᠠ ᠭᠠᠴᠠᠭ᠎ᠠ ᠳᠤ᠂ ᠰᠣᠶᠣᠯᠲᠤ ᠲᠤᠬᠠᠢ ᠶᠢᠨ ᠭᠠᠵᠠᠷ ᠲᠤᠨᠢ ᠬᠦᠷᠴᠦ᠂ ᠲᠤᠬᠠᠢ ᠶᠢᠨ ᠲᠠᠯᠠᠪᠠᠢ ᠳᠤ ᠲᠦᠭᠡᠭᠡᠯ ᠤᠰᠤᠨ ᠤ ᠦᠢᠯᠡᠳᠪᠦᠷᠢ ᠪᠣᠯᠤᠨ

ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ

ᠠᠵᠢᠯᠯᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠶ ᠶᠢᠨ

ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠣᠭᠤᠰᠢᠯᠠᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ

ᠰᠡᠳᠬᠢᠯᠭᠡ ᠪᠠᠷ ᠪᠥᠬᠦ ᠬᠤᠰᠢᠭᠤᠨ ᠤ ᠠᠷᠠᠳ ᠲᠦᠮᠡᠨ ᠤ ᠤᠰᠤᠨ ᠤ ᠡᠬᠢ ᠰᠤᠷᠪᠤᠯᠵᠢ ᠶᠢ ᠰᠠᠶᠢᠲᠤᠷ ᠰᠠᠬᠢᠨ ᠬᠠᠮᠠᠭᠠᠯᠠᠵᠤ᠂ ᠣᠯᠠᠨ ᠲᠦᠮᠡᠨ ᠳᠤ

ᠰᠠᠨᠠᠭ᠎ᠠ ᠠᠮᠤᠷ ᠤᠰᠤ᠂ ᠴᠢᠨᠠᠷ ᠰᠠᠶᠢᠲᠠᠶ ᠤᠰᠤ ᠤᠤᠭᠤᠯᠭᠠᠬᠤ ᠬᠡᠷᠡᠭᠲᠡᠶ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ᠂

ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠡᠯᠡᠳᠬᠡᠯ ᠤᠰᠤᠨ

ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠠᠰᠤᠷᠠᠯᠲᠠ

ᠦᠭᠡᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ  ᠬᠡᠪᠡ᠃

    ᠠᠭᠤᠷᠬᠠᠶ ᠶᠢ ᠰᠡᠷᠭᠦᠭᠡᠨ ᠵᠠᠰᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠠᠭᠤᠷᠬᠠᠶ ᠶᠢ ᠰᠡᠷᠭᠦᠭᠡᠬᠦ ᠳᠡᠭᠡᠨ ᠰᠢᠨᠵᠢᠯᠡᠬᠦ ᠤᠬᠠᠭᠠᠨ ᠢ

ᠬᠦᠨᠳᠦᠳᠬᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠢᠯᠠᠩᠭᠤᠶ᠎ᠠ ᠤᠷᠭᠤᠮᠠᠯ ᠤᠨ ᠬᠤᠴᠢᠯᠭ᠎ᠠ ᠶᠢ  ᠰᠡᠷᠭᠦᠭᠡᠵᠦ

ᠠᠮᠢᠯᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ︽ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠠᠮᠢ ᠠᠬᠤᠢ ᠶᠢᠨ ᠵᠠᠰᠠᠯᠲᠠ︾ ᠶᠢᠨ ᠲᠦᠷᠦᠯ ᠵᠦᠢᠯ ᠤᠨ

ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠲᠦᠷᠦᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢ ᠰᠢᠮᠳᠠᠭᠤᠯᠵᠤ ᠪᠠᠶᠢᠭᠠᠳ ᠨᠢᠭᠡᠨᠲᠡ

ᠪᠡᠶᠡᠯᠡᠭᠦᠯᠦᠭᠰᠡᠨ ᠵᠠᠰᠠᠯᠲᠠ ᠶᠢᠨ ᠣᠷᠣᠨ ᠪᠦᠰᠡ ᠳᠤ ᠨᠥᠬᠦᠵᠦ ᠲᠠᠷᠢᠬᠤ ᠠᠵᠢᠯ ᠢ ᠬᠢᠬᠦ ᠶᠢᠨ ᠬᠠᠮᠲᠤ  ᠬᠤᠶᠢᠰᠢᠳᠠ ᠶᠢᠨ ᠬᠠᠮᠢᠶᠠᠷᠤᠨ ᠬᠠᠮᠠᠭᠠᠯᠠᠬᠤ

ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠠᠵᠤ ᠠᠬᠤᠢ ᠶᠢᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠢ ᠦᠷᠭᠦᠯᠵᠢᠯᠡᠨ

ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ

ᠠᠵᠢᠯ ᠢ ᠦᠷᠭᠦᠯᠵᠢᠯᠡᠨ ᠳᠠᠭᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠵᠤ᠂ ᠴᠡᠭᠴᠡᠯᠡᠨ

ᠰᠠᠶᠢᠵᠢᠷᠠᠭᠤᠯᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠠᠰᠠᠭᠤᠳᠠᠯ ᠤᠨ ᠲᠠᠬᠢᠨ ᠡᠭᠦᠰᠬᠦ ᠶᠢ ᠰᠡᠷᠭᠡᠶᠢᠯᠡᠬᠦ

ᠬᠡᠷᠡᠭᠲᠡᠢ᠃ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠯᠢᠭ

ᠪᠣᠳᠠᠲᠠᠢ ᠬᠢᠵᠦ᠂ ᠤᠯᠠᠨ ᠲᠦᠮᠡᠨ ᠳᠤ ᠦᠨᠡᠨᠬᠦ ᠬᠤᠪᠢᠷᠠᠯᠲᠠ ᠶᠢ ᠦᠵᠡᠭᠦᠯᠵᠦ᠂ ᠪᠣᠳᠠᠲᠠᠢ ᠠᠰᠢᠭ ᠬᠦᠷᠲᠡᠭᠡᠵᠦ᠂ ᠬᠥᠬᠡᠮᠳᠦᠭ ᠨᠣᠭᠤᠭᠠᠨ ᠠᠭᠤᠯᠠ

ᠤᠰᠤ ᠶᠢ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠡᠭᠦᠨ ᠤ ᠬᠠᠮᠲᠤ᠂ ᠠᠮᠤᠷ ᠲᠦᠪᠰᠢᠨ ᠤ ᠪᠣᠭᠤᠮᠲᠠ ᠶᠢ ᠪᠠᠲᠤ ᠡᠵᠡᠮᠳᠡᠵᠦ᠂ ᠰᠠᠨᠠᠭ᠎ᠠ ᠠᠮᠤᠷ ᠦᠭᠡᠢ ᠪᠣᠯ ᠦᠢᠯᠡᠳᠪᠦᠷᠢᠯᠡᠬᠦ ᠦᠭᠡᠢ᠂ ᠠᠮᠤᠷ ᠲᠦᠪᠰᠢᠨ ᠤ

ᠭᠡᠮ ᠰᠣᠭᠤᠭ ᠢ ᠠᠷᠢᠯᠭᠠᠬᠤ ᠦᠭᠡᠢ ᠪᠣᠯ ᠦᠢᠯᠡᠳᠪᠦᠷᠢᠯᠡᠬᠦ ᠦᠭᠡᠢ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ

ᠦᠭᠡᠢ ᠪᠣᠯ ᠦᠢᠯᠡᠳᠪᠦᠷᠢᠯᠡᠬᠦ ᠦᠭᠡᠢ ᠪᠠᠶᠢᠬᠤ ᠶᠢ ᠡᠷᠡᠰ ᠪᠡᠶᠡᠯᠡᠭᠦᠯᠵᠦ᠂ ᠠᠭᠤᠷᠬᠠᠢ ᠶᠢᠨ ᠠᠮᠤᠷ ᠲᠦᠪᠰᠢᠨ ᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ

ᠵᠢᠭᠠᠵᠤ ᠭᠠᠷᠭᠠᠪᠠ᠃

   

   

   

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ