ᠰᠣᠶᠣᠯᠲᠤ ᠤᠷᠠᠳ ᠤᠨ ᠡᠮᠦᠨᠡᠲᠦ ᠬᠤᠰᠢᠭᠤᠨ ᠤ ᠮᠠᠯ ᠤᠨ ᠢᠯᠭᠠᠳᠠᠰᠣ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠪᠣᠬᠢᠷ ᠤᠰᠤ ᠶᠢ ᠰᠢᠢᠳᠪᠦᠷᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/9
    6 ᠰᠠᠷ᠎ᠠ ᠶᠢᠨ 8 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠬᠡᠰᠡᠭ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠮᠠᠯ ‍ᠤᠨ‌ᠢᠯᠭᠠᠳᠠᠰᠣ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ᠂ ᠲᠤᠬᠠᠶ ᠶᠢᠨ ᠲᠠᠯᠠᠪᠠᠶ ᠳᠤ ᠠᠯᠪᠠᠯᠠᠵᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃

111.png

     ᠰᠣᠶᠣᠯᠲᠤ ᠨᠠᠷ ᠤᠷᠢᠳ ᠬᠤᠵᠢᠳ ᠹᠦ᠋ ᠶᠤᠤ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠱᠧᠩ ᠮᠦ ᠡᠪᠡᠰᠦᠨ ᠤ ᠦᠢᠯᠡᠰ᠂ ᠮᠦ

ᠶᠤᠸᠠᠨ ᠪᠦᠯᠦᠭᠯᠡᠯ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠳᠤ ᠬᠦᠷᠴᠦ᠂ ᠢᠯᠭᠠᠳᠠᠰᠣ ᠪᠣᠯᠤᠨ ᠪᠣᠬᠢᠷ ᠤᠰᠤ ᠶᠢ ᠰᠢᠢᠳᠪᠦᠷᠢᠯᠡᠬᠦ

ᠠᠷᠭ᠎ᠠ ᠬᠡᠯᠪᠡᠷᠢ ᠶᠢ ᠨᠠᠷᠢᠨ ᠣᠶᠢᠯᠠᠭᠠᠵᠤ᠂ ᠮᠠᠯ ᠤᠨ ᠢᠯᠭᠠᠳᠠᠰᠣ  ᠶᠢ ᠴᠤᠭᠯᠠᠭᠤᠯᠬᠤ᠂ ᠬᠠᠳᠠᠭᠠᠯᠠᠬᠤ᠂ ᠰᠢᠢᠳᠪᠦᠷᠢᠯᠡᠬᠦ ᠲᠥᠬᠦᠭᠡᠷᠦᠮᠵᠢ ᠪᠣᠯᠤᠨ ᠪᠣᠬᠢᠷ

ᠤᠰᠤ ᠶᠢ ᠰᠢᠢᠳᠪᠦᠷᠢᠯᠡᠬᠦ ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃

     ᠬᠦᠷᠦᠭᠰᠡᠨ ᠭᠠᠵᠠᠷ ᠪᠣᠯᠭᠠᠨ ᠳᠤ᠂ ᠰᠣᠶᠣᠯᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠮᠡᠷᠭᠡᠵᠢᠯ ᠤᠨ ᠠᠵᠢᠯᠲᠠᠳ ᠲᠠᠢ ᠰᠠᠨᠠᠯ ᠢᠶᠠᠨ

ᠭᠦᠨᠵᠡᠭᠡᠢ ᠰᠣᠯᠢᠯᠴᠠᠵᠤ᠂ ᠢᠯᠭᠠᠳᠠᠰᠣ ᠶᠢ ᠰᠢᠢᠳᠪᠦᠷᠢᠯᠡᠬᠦ ᠮᠡᠷᠭᠡᠰᠢᠯ᠂ ᠰᠢᠢᠳᠪᠦᠷᠢᠯᠡᠬᠦ ᠴᠢᠳᠠᠪᠤᠷᠢ᠂ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠵᠠᠮ᠂

ᠪᠣᠬᠢᠷ ᠤᠰᠤ ᠶᠢ ᠰᠢᠢᠳᠪᠦᠷᠢᠯᠡᠬᠦ ᠪᠠᠷᠢᠮᠵᠢᠶ᠎ᠠ ᠳᠤ ᠬᠦᠷᠴᠦ ᠭᠠᠳᠠᠭᠰᠢᠯᠠᠭᠤᠯᠬᠤ᠂ ᠡᠳᠦᠷ ᠳᠤᠳᠤᠮ ᠤᠨ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ ᠵᠡᠷᠭᠡ

ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠨᠢᠭᠡᠳᠦᠯᠲᠡᠢ ᠲᠥᠯᠥᠪᠵᠢᠭᠦᠯᠦᠨ ᠡᠵᠡᠩᠨᠡᠵᠦ ᠬᠥᠭᠵᠢᠭᠦᠯᠬᠦ ᠪᠠ ᠠᠮᠢ ᠠᠬᠤᠢ ᠶᠢᠨ

ᠬᠠᠮᠠᠭᠠᠯᠠᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠣᠶᠢᠯᠠᠭᠠᠪᠠ᠃

     ᠰᠣᠶᠣᠯᠲᠤ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠬᠥᠭᠵᠢᠯᠲᠡ ᠶᠢᠨ ᠬᠡᠪᠴᠢᠶ᠎ᠡ ᠶᠢᠨ ᠲᠠᠰᠤᠷᠠᠯᠲᠠ ᠥᠬᠡᠶ

ᠥᠷᠭᠡᠳᠬᠦ ᠶᠢ ᠳᠠᠭᠠᠯᠳᠤᠨ᠂ ᠢᠯᠭᠠᠳᠠᠰᠣ ᠪᠠ ᠪᠣᠬᠢᠷ ᠤᠰᠤᠨ ᠤ ᠭᠠᠷᠤᠯᠲᠠ ᠶᠢᠨ ᠬᠡᠮᠵᠢᠶ᠎ᠡ ᠴᠦ ᠳᠠᠭᠠᠯᠳᠤᠨ ᠨᠡᠮᠡᠭᠳᠡᠵᠦ᠂ ᠢᠯᠭᠠᠳᠠᠰᠣ ᠶᠢ ᠰᠢᠨᠵᠢᠯᠡᠬᠦ

ᠤᠬᠠᠭᠠᠨᠴᠢ ᠪᠠᠷ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃

ᠲᠡᠷᠡ᠂ ᠮᠠᠯ ᠤᠨ ᠢᠯᠭᠠᠳᠠᠰᠣ ᠪᠠ ᠪᠣᠬᠢᠷ ᠤᠰᠤ ᠶᠢ ᠲᠣᠬᠢᠲᠠᠶ ᠰᠢᠢᠳᠪᠦᠷᠢᠯᠡᠬᠦ ᠪᠣᠯ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ

ᠰᠠᠶᠢᠲᠠᠶ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠮᠥᠨ᠂ ᠪᠠᠰᠠ ᠴᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ᠂

ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠪᠥᠬᠦ ᠬᠤᠰᠢᠭᠤᠨ ᠤ ᠳᠡᠭᠡᠳᠦ

ᠳᠣᠤᠷᠠᠳᠤ ᠱᠠᠲᠤᠨ ᠤ ᠬᠢᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ

ᠪᠠᠬᠢ ᠪᠣᠶ ᠪᠣᠯᠭᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠠᠷᠢᠶᠠᠯᠠᠩ ᠮᠠᠯ ᠠᠵᠤ ᠠᠬᠤᠶ ᠶᠢᠨ

ᠪᠣᠬᠢᠷᠲᠤᠯ ᠥᠬᠡᠶ ᠥᠨᠳᠥᠷ ᠪᠦᠲᠦᠮᠵᠢᠲᠡᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠ ᠠᠮᠢ

ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶ ᠶᠢᠨ ᠬᠥᠭᠵᠢᠯᠲᠡ ᠪᠠ ᠠᠮᠢ ᠠᠬᠤᠶ ᠶᠢᠨ

ᠬᠠᠮᠠᠭᠠᠯᠠᠯᠲᠠ ᠶᠢᠨ ︽ᠬᠠᠮᠲᠤ ᠪᠠᠷ ᠠᠰᠢᠭ ᠭᠥᠷᠳᠡᠬᠦ︾ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃

   

   

   

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ